ᠦᠨᠡᠨ ᠪᠠᠢᠳᠠᠯ᠎ᠤᠨ ᠲᠠᠢᠯᠤᠮᠵᠢ ᠄
ᠲᠡᠭᠡᠵᠦ ᠶᠠᠭᠠᠬᠢᠭ᠍ᠰᠠᠨ ᠴᠤ᠌ ᠪᠤᠯᠬᠤ ᠦᠭᠡᠢ! ᠪᠠᠷᠢᠯᠭ᠎ᠠ᠎ᠶᠢᠨ ᠠᠵᠢᠯ᠎ᠤᠨ ᠳᠤᠮᠳᠠ ᠂ ᠦᠰᠦᠷᠦᠭᠰᠡᠨ ᠭᠠᠯ ᠣᠴᠢ ᠪᠣᠯᠣᠨ ᠥᠨᠳᠥᠷ ᠬᠠᠯᠠᠭᠤᠨ᠎ᠤ ᠭᠠᠩᠨᠠᠯᠲᠠ ᠵᠢᠨ ᠰᠢᠭᠠᠷᠤ ᠨᠢ ᠮᠠᠰᠢ ᠴᠢᠩᠭ᠎ᠠ ᠰᠢᠲᠠᠬᠤ ᠴᠢᠳᠠᠪᠤᠷᠢ᠎ᠲᠠᠢ ᠪᠠᠢᠵᠤ ᠂ ᠰᠦᠷᠴᠢᠯᠲᠡ᠎ᠶᠢᠨ ᠵᠠᠢ ᠨᠢ ᠬᠥᠮᠥᠰ᠎ᠦᠨ ᠰᠠᠨᠠᠭᠰᠠᠨ᠎ᠠᠴᠠ ᠬᠣᠯᠠ ᠳᠠᠪᠠᠭᠰᠠᠨ ᠪᠠᠢᠨ᠎ᠠ᠃ ᠲᠤᠬᠠᠢ᠎ᠶᠢᠨ ᠲᠠᠯᠠᠪᠤᠷ᠎ᠲᠤ ᠦᠯᠡᠳᠡᠭᠰᠡᠨ ᠳᠤᠰᠤᠨ᠎ᠤ ᠪᠣᠬᠢᠷᠳᠤᠯ ᠂ ᠪᠣᠭᠣᠳᠠᠯ ᠪᠠᠭᠯᠠᠭ᠎ᠠ᠎ᠶᠢᠨ ᠮᠠᠲᠧᠷᠢᠶᠠᠯ ᠂ ᠮᠣᠳᠣᠨ ᠬᠠᠪᠲᠠᠰᠤ ᠵᠡᠷᠭᠡ ᠨᠢ ᠦᠵᠡᠬᠦ᠎ᠳᠦ ᠶᠠᠯᠢᠮ ᠦᠭᠡᠢ ᠪᠣᠯᠪᠠᠴᠤ ᠂ ᠮᠠᠰᠢ ᠠᠮᠠᠷᠬᠠᠨ ᠨᠣᠴᠣᠬᠤ ᠮᠥᠷᠲᠡᠭᠡᠨ ᠮᠠᠰᠢ ᠲᠦᠷᠭᠡᠨ᠎ᠢᠶᠡᠷ ᠭᠠᠮᠰᠢᠭ᠋ ᠪᠣᠯᠳᠠᠭ᠃ ᠥᠪᠥᠷ ᠮᠣᠩᠭᠣᠯ ᠣᠷᠣᠨ᠎ᠳᠤ ᠠᠭᠤᠷ ᠠᠮᠢᠰᠬᠤᠯ ᠭᠠᠩ ᠬᠠᠭᠤᠷᠠᠢ ᠂ ᠢᠯᠠᠩᠭᠤᠶ᠎ᠠ ᠬᠠᠪᠤᠷ ᠨᠠᠮᠤᠷ ᠬᠣᠶᠠᠷ ᠤᠯᠠᠷᠢᠯ᠎ᠳᠤ ᠭᠠᠯ᠎ᠤᠨ ᠠᠶᠤᠯ᠎ᠤᠨ ᠲᠦᠭᠰᠢᠭᠦᠷᠢ ᠨᠠᠩ ᠶᠡᠬᠡ ᠪᠠᠢᠳᠠᠭ᠃ ᠶᠠᠮᠠᠷᠪᠠ 《ᠲᠥᠬᠥᠮᠢ ᠪᠤᠳᠤᠵᠤ 》 ᠲᠤᠬᠠᠢ᠎ᠶᠢᠨ ᠲᠠᠯᠠᠪᠤᠷ᠎ᠢ ᠲᠤᠢᠯᠪᠤᠷᠢᠲᠠᠢ ᠴᠡᠪᠡᠷᠯᠡᠬᠦ ᠦᠭᠡᠢ ᠠᠵᠢᠯᠯᠠᠭ᠎ᠠ ᠨᠢ ᠴᠥᠮ ᠭᠠᠯ᠎ᠤᠨ ᠭᠠᠮᠰᠢᠭ᠋᠎ᠤᠨ ᠦᠨᠳᠦᠰᠦ᠎ᠶᠢ ᠪᠤᠯᠠᠵᠤ ᠪᠠᠢᠭ᠎ᠠ ᠶᠠᠪᠤᠳᠠᠯ ᠪᠣᠯᠣᠨ᠎ᠠ᠃
ᠵᠥᠪ ᠠᠷᠭ᠎ᠠ ᠄
1 .ᠭᠠᠯ ᠨᠣᠴᠣᠭᠰᠠᠨ ᠴᠡᠭ ᠵᠶ᠋ᠠᠷ ᠭᠣᠣᠯ ᠪᠤᠯᠭᠠᠵᠤ᠂ ᠬᠠᠮᠤᠭ ᠪᠠᠭ᠎ᠠ᠎ᠳᠤ᠎ᠪᠠᠨ 10 ᠮᠧᠲᠷ᠎ᠤᠨ ᠬᠡᠪᠴᠢᠶᠡᠨ ᠳᠣᠲᠣᠷᠠᠬᠢ ᠰᠢᠲᠠᠮᠠᠬᠠᠢ ᠬᠡᠢ᠂ ᠨᠣᠴᠣᠮᠠᠲᠠᠭᠠᠢ ᠪᠣᠳᠠᠰ᠎ᠢ ᠡᠷᠬᠡᠪᠰᠢ ᠲᠤᠢᠯᠪᠤᠷᠢᠲᠠᠢ ᠴᠡᠪᠡᠷᠯᠡᠨ ᠠᠷᠢᠯᠭᠠᠵᠤ᠂ ᠰᠢᠯᠵᠢᠭᠦᠯᠵᠦ ᠳᠡᠶ᠋ᠢᠯᠭᠦ ᠦᠭᠡᠢ ᠲᠥᠬᠦᠭᠡᠷᠦᠮᠵᠢ᠂ ᠬᠣᠭᠣᠯᠠᠢ ᠵᠡᠷᠭᠡ᠎ᠳᠦ ᠪᠦᠷᠬᠦᠬᠦ ᠂ ᠨᠣᠷᠭᠠᠬᠤ ᠵᠡᠷᠭᠡ ᠭᠠᠯ ᠰᠡᠷᠭᠡᠢᠯᠡᠬᠦ ᠨᠠᠢᠳᠠᠪᠤᠷᠢᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃
2 . ᠲᠤᠰᠠᠭᠠᠷᠯᠠᠵᠤ ᠰᠡᠷᠭᠡᠢᠯᠡᠨ ᠬᠠᠮᠠᠭᠠᠯᠠᠬᠤ ᠄ ᠨᠦᠬᠡᠨ ᠰᠤᠪᠠᠭ ᠂ ᠰᠣᠬᠣᠷ ᠬᠤᠳᠳᠤᠭ ᠂ ᠨᠦᠬᠡ ᠵᠡᠷᠭᠡ᠎ᠶᠢ ᠴᠢᠩᠭ᠎ᠠ ᠪᠢᠲᠡᠭᠦᠮᠵᠢᠯᠡᠵᠦ ᠂ ᠳᠣᠣᠷ᠎ᠠ ᠲᠠᠯ᠎ᠠ᠎ᠶᠢᠨ ᠨᠣᠴᠣᠮᠠᠲᠠᠭᠠᠢ ᠣᠷᠣᠨ᠎ᠳᠤ ᠣᠴᠢ ᠦᠰᠦᠷᠴᠦ ᠣᠷᠣᠬᠤ᠎ᠶᠢ ᠰᠡᠷᠭᠡᠢᠯᠡᠨ ᠬᠣᠷᠢᠭ᠍ᠯᠠᠬᠤ ᠬᠡᠷᠡᠭᠲᠡᠢ᠃
3 . ᠪᠠᠭᠠᠵᠢ ᠬᠡᠷᠡᠭᠰᠡᠯ ᠲᠣᠬᠢᠷᠠᠭᠤᠯᠬᠤ᠄ ᠲᠤᠬᠠᠢ ᠵᠢᠨ ᠲᠠᠯᠠᠪᠤᠷ᠎ᠲᠤ ᠡᠷᠬᠡᠪᠰᠢ ᠭᠦᠢᠴᠡᠳ ᠪᠥᠭᠡᠳ ᠪᠦᠲᠦᠮᠵᠢᠲᠡᠶ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ᠂ ᠵᠢᠱ᠌ᠢᠶᠡᠯᠡᠪᠡᠯ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠡᠯᠡᠰᠦ᠂ ᠤᠰᠤᠨ ᠰᠠᠭᠤᠯᠠᠭ᠎ᠠ ᠵᠡᠷᠭᠡ ᠠᠵᠢᠯᠯᠠᠵᠤ ᠪᠠᠢᠭ᠎ᠠ ᠬᠥᠮᠥᠰ᠎ᠤᠨ ᠬᠡᠷᠡᠭᠯᠡᠬᠦ ᠠᠷᠭ᠎ᠠ ᠶ᠋ᠢ ᠣᠢᠯᠠᠭᠠᠬᠤ ᠶ᠋ᠢ ᠦᠨᠡᠨᠬᠦ ᠪᠠᠲᠤᠯᠠᠬᠤ ᠬᠡᠷᠡᠭᠲᠡᠢ᠃