ᠭᠤᠷᠪᠠᠨ ᠹᠦ ᠵᠢᠨ ᠬᠠᠯᠠᠭᠤᠨ᠎ᠳᠤ ᠂ ᠮᠠᠰᠢ ᠣᠯᠠᠨ ᠬᠥᠮᠦᠨ ᠬᠠᠯᠠᠭᠤᠨ᠎ᠠᠴᠠ ᠵᠠᠢᠯᠠᠵᠤ ᠭᠡᠷ᠎ᠲᠡᠬᠡᠨ ᠰᠠᠭᠤᠵᠤ ᠪᠠᠢᠳᠠᠭ᠃ ᠲᠤᠰᠬᠠᠶ ᠮᠡᠷᠭᠡᠵᠢᠯᠲᠡᠨ ᠄ ᠬᠡᠷ᠎ᠲᠡᠬᠡᠨ ᠪᠠᠶ᠋ᠢᠭ᠍ᠰᠠᠨ ᠴᠤ᠌ ᠨᠠᠷᠠᠰᠢᠬᠤ᠎ᠠᠴᠠ ᠰᠡᠷᠭᠡᠶ᠋ᠢᠯᠡᠬᠦ ᠬᠡᠷᠡᠭᠲᠡᠶ ᠃ ᠭᠡᠷ ᠳᠣᠲᠣᠷᠠᠬᠢ ᠬᠠᠯᠠᠭᠤᠨ᠎ᠤ ᠬᠡᠮᠵᠢᠶ᠎ᠡ᠎ᠨᠢ 32 °C᠎ᠠᠴᠠ ᠳᠡᠭᠡᠭᠰᠢ᠂ ᠴᠢᠭᠢᠭ᠎ᠤᠨ ᠬᠡᠮᠵᠢᠶ᠎ᠡ᠎ᠨᠢ 60 %᠎ᠠᠴᠠ ᠳᠡᠭᠡᠭᠰᠢ ᠪᠤᠯᠵᠤ ᠂ ᠠᠭᠠᠷ ᠨᠡᠪᠲᠡᠷᠡᠬᠦ ᠦᠭᠡᠶ ᠦᠶ᠎ᠡ᠎ᠳᠤ ᠠᠮᠠᠷᠬᠠᠨ ᠨᠠᠷᠠᠰᠢᠬᠤ ᠪᠠᠶ᠋ᠢᠳᠠᠯ ᠭᠠᠷᠳᠠᠭ᠃ ᠨᠠᠷᠠᠰᠢᠬ᠍ᠰᠠᠨ ᠢᠯᠡᠷᠡᠯ ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠵᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠶᠡᠷᠦ ᠵᠢᠨ ᠬᠠᠯᠠᠭᠤᠨ᠎ᠢ ᠪᠠᠭᠤᠷᠠᠭᠤᠯᠬᠤ ᠡᠮ ᠤᠤᠭᠤᠬᠤ᠎ᠨᠢ ᠶᠠᠮᠠᠷ᠎ᠴᠤ ᠦᠢᠯᠡᠳᠦᠯ ᠲᠤᠰᠠ ᠭᠠᠷᠬᠤ ᠦᠭᠡᠢ ᠃ ᠬᠠᠷᠢᠨ ᠥᠨᠳᠥᠷ ᠬᠠᠯᠠᠭᠤᠨ ᠣᠷᠴᠢᠨ ᠲᠣᠭᠣᠷᠢᠨ᠎ᠠᠴᠠ᠎ᠨᠢ ᠠᠯᠢ ᠪᠤᠯᠬᠤ᠎ᠪᠠᠷ ᠲᠦᠷᠭᠡᠨ ᠵᠠᠢᠯᠠᠭᠤᠯᠵᠤ ᠂ ᠤᠷᠢᠳ ᠵᠶ᠋ᠠᠷ ᠡᠪᠡᠳᠴᠢᠲᠡᠨ᠎ᠢ ᠰᠠᠯᠬᠢ ᠨᠡᠪᠲᠡᠷᠡᠬᠦ ᠭᠠᠵᠠᠷ᠎ᠲᠤ ᠰᠢᠯᠵᠢᠭᠦᠯᠵᠦ ᠂ ᠡᠪᠡᠳᠴᠢᠲᠡᠨ᠎ᠳᠤ ᠲᠦᠷᠭᠡᠨ ᠤᠰᠤ ᠪᠠ ᠡᠷᠦᠳᠡᠰᠦ ᠨᠥᠬᠥᠪᠥᠷᠢᠯᠡᠬᠦ ᠬᠡᠷᠡᠭᠲᠡᠶ ᠃ ᠹᠢᠽᠢᠺ᠎ᠤᠨ ᠠᠷᠭ᠎ᠠ᠎ᠪᠠᠷ ᠬᠠᠯᠠᠭᠤᠨ᠎ᠢ᠎ᠨᠢ ᠪᠠᠭᠤᠷᠠᠭᠤᠯᠵᠤ᠂ ᠬᠦᠢᠲᠡᠨ ᠤᠰᠤ᠎ᠪᠠᠷ ᠪᠡᠶ᠎ᠡ ᠵᠢ᠎ᠨᠢ ᠵᠦᠯᠭᠦᠬᠦ ᠪᠤᠶᠤ ᠪᠦᠯᠢᠶᠡᠨ ᠤᠰᠤ᠎ᠪᠠᠷ ᠪᠡᠶ᠎ᠡ ᠵᠢ᠎ᠨᠢ ᠤᠬᠢᠶᠠᠬᠤ ᠬᠡᠷᠡᠭᠳᠡᠢ ᠂ ᠬᠦᠨᠳᠦ ᠨᠠᠷᠠᠰᠢᠬ᠍ᠰᠠᠨ ᠪᠠᠢᠪᠠᠯ ᠮᠥᠰᠥᠨ ᠤᠭᠤᠲᠠ ᠵᠢ ᠡᠪᠡᠳᠴᠢᠲᠡᠨ᠎ᠤ ᠮᠠᠩᠨᠠᠢ ᠂ ᠬᠦᠵᠦᠭᠦᠨ᠎ᠤ ᠬᠡᠰᠡᠭ ᠂ ᠰᠤᠭᠤ ᠪᠠ ᠴᠠᠪᠢᠨ᠎ᠳᠤᠨᠢ ᠲᠠᠯᠪᠢᠵᠤ ᠂ ᠡᠪᠡᠳᠴᠢᠲᠡᠨ᠎ᠤ ᠪᠡᠶ᠎ᠡ ᠵᠢᠨ ᠢᠯᠴᠢ ᠵᠢ ᠲᠠᠷᠬᠠᠭᠠᠵᠤ ᠪᠠᠭᠤᠷᠠᠭᠤᠯᠬᠤ ᠵᠢ ᠲᠦᠷᠭᠡᠳᠬᠡᠬᠦ ᠭᠡᠷᠡᠭᠳᠡᠢ ᠭᠡᠵᠦ ᠰᠠᠨᠠᠭᠤᠯᠪᠠ ᠃
ᠪᠢᠲᠡᠭᠦᠦ ᠣᠷᠣᠨ ᠵᠠᠶ᠎ᠳᠤ ᠣᠷᠳᠣ᠌ ᠬᠤᠭᠤᠴᠠᠭ᠎ᠠ᠎ᠪᠠᠷ ᠠᠭᠠᠷ ᠲᠣᠬᠢᠷᠠᠭᠤᠯᠤᠭ᠍ᠴᠢ ᠵᠢ ᠬᠡᠷᠡᠭᠯᠡᠬᠦ ᠂ ᠴᠢᠨᠠᠭᠰᠢᠯᠠᠪᠠᠯ ᠵᠠᠷᠢᠮ ᠦᠶ᠎ᠡ᠎ᠳᠤ ᠠᠭᠠᠷ ᠲᠣᠬᠢᠷᠠᠭᠤᠯᠤᠭ᠍ᠴᠢ ᠵᠢᠨ ᠬᠠᠯᠠᠭᠤᠨ᠎ᠤ ᠬᠡᠮᠵᠢᠶ᠎ᠡ ᠨᠡᠯᠢᠶᠡᠳ ᠳᠤᠤᠷ᠎ᠠ ᠪᠠᠢᠬᠤ᠎ᠳᠤ ᠬᠦᠷᠪᠡᠯ ᠪᠡᠶ᠎ᠡ ᠡᠪ ᠦᠭᠡᠢᠷᠡᠬᠦ ᠪᠠᠶ᠋ᠢᠳᠠᠯ ᠰᠢᠨᠵᠢᠨᠤᠭᠤᠳ ᠭᠠᠷᠴᠤ ᠮᠡᠳᠡᠨ᠎ᠡ ᠂ ᠡᠭᠦᠨ᠎ᠳᠤ ᠠᠮᠢᠰᠬᠤᠯ᠎ᠤᠨ ᠰᠢᠰᠲᠧᠮ᠎ᠤᠨ ᠡᠪᠡᠳᠴᠢᠨ᠂ ᠬᠠᠯᠳᠠᠪᠤᠷᠢᠯᠠᠯ᠎ᠤᠨ ᠴᠢᠨᠠᠷᠲᠠᠶ ᠡᠪᠡᠳᠴᠢᠨ ᠂ ᠬᠠᠷᠰᠢᠮᠠᠳᠠᠭᠠᠢ ᠴᠢᠨᠠᠷᠲᠠᠶ ᠡᠪᠡᠳᠴᠢᠨ ᠵᠡᠷᠭᠡ ᠪᠤᠢ ᠂ ᠡᠭᠦᠨ᠎ᠢ ᠶᠡᠷᠦᠩᠬᠡᠶ᠋ᠢᠯᠡᠭᠡᠳ 《 ᠠᠭᠠᠷ ᠲᠣᠬᠢᠷᠠᠭᠤᠯᠤᠭ᠍ᠴᠢ ᠵᠢᠨ ᠡᠪᠡᠳᠴᠢᠨ》 ᠭᠡᠳᠡᠭ ᠃