ᠡᠨᠡ ᠵᠢᠯᠠᠴᠠ ᠨᠠᠰᠢ᠂ ᠮᠠᠨᠤ ᠤᠯᠤᠰᠤᠨ ᠪᠠᠢᠭᠠᠯᠢ ᠵᠢᠨ ᠭᠠᠮᠰᠢᠭ᠋ᠲᠤ ᠬᠣᠯᠪᠣᠭᠳᠠᠬᠤ ᠬᠡᠪᠴᠢᠶ᠎ᠡ ᠨᠢ ᠥᠷᠭᠡᠨ᠂ ᠭᠠᠮᠰᠢᠭ᠍ᠳᠠᠭᠰᠠᠨ ᠮᠤᠵᠢ ᠣᠯᠠᠨ᠂ ᠨᠥᠯᠥᠭᠡᠯᠡᠬᠦ ᠬᠡᠮᠵᠢᠶ᠎ᠡ ᠨᠢ ᠭᠦᠨ᠂ ᠬᠡᠰᠡᠭ ᠭᠠᠵᠠᠷᠤᠨ ᠬᠣᠬᠢᠷᠠᠯ ᠬᠦᠨᠳᠦ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩᠤᠨ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠵᠤ᠂ ᠭᠠᠮᠰᠢᠭ᠍ᠳᠠᠭᠰᠠᠨ ᠣᠯᠠᠨ ᠲᠦᠮᠡᠨᠤ ᠦᠨᠳᠦᠰᠦᠨ ᠠᠮᠢᠳᠤᠷᠠᠯᠤᠨ ᠪᠠᠲᠤᠯᠠᠭ᠎ᠠ ᠶ᠋ᠢ ᠰᠠᠢᠲᠤᠷ ᠬᠢᠬᠦ ᠲᠤᠬᠠᠢ ᠨᠠᠮᠤᠨ ᠲᠥᠪ ᠬᠣᠷᠢᠶ᠎ᠠ᠂ ᠲᠥᠷᠥ ᠵᠢᠨ ᠶᠠᠪᠤᠳᠠᠯᠤᠨ ᠬᠣᠷᠢᠶᠠᠨᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠵᠢᠨ ᠲᠥᠯᠥᠭᠡ᠂ ᠲᠦᠷᠦᠭᠦᠬᠡᠨ᠂ ᠪᠠᠴᠢᠮ ᠪᠠᠢᠳᠠᠯᠢ ᠬᠠᠮᠢᠶᠠᠷᠤᠯᠲᠠ ᠵᠢᠨ ᠶᠠᠮᠤᠨ᠂ ᠡᠳ᠋ᠤᠨ ᠵᠠᠰᠠᠭᠤᠨ ᠶᠠᠮᠤᠨ 《2025-2026 ᠣᠨᠤ ᠪᠦᠭᠦ ᠤᠯᠤᠰᠤᠨ ᠭᠠᠮᠰᠢᠭ᠍ᠳᠠᠭᠰᠠᠨ ᠣᠯᠠᠨ ᠲᠦᠮᠡᠨᠤ ᠡᠪᠦᠯ ᠬᠠᠪᠤᠷᠤᠨ ᠠᠪᠤᠷᠠᠨ ᠲᠤᠰᠠᠯᠠᠬᠤ ᠠᠵᠢᠯᠢ ᠵᠣᠬᠢᠶᠠᠨ ᠪᠠᠢᠭᠤᠯᠤᠨ ᠥᠷᠨᠢᠭᠦᠯᠬᠦ ᠲᠤᠬᠠᠢ ᠮᠡᠳᠡᠭᠳᠡᠯ》ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷᠢ ᠵᠣᠬᠢᠶᠠᠨ ᠪᠠᠢᠭᠤᠯᠤᠨ ᠠᠪᠤᠷᠠᠨ ᠲᠤᠰᠠᠯᠠᠬᠤ ᠴᠢᠬᠤᠯᠠᠲᠠᠢ ᠡᠲᠡᠭᠡᠳᠢ ᠭᠦᠨᠵᠡᠭᠡᠢ ᠨᠠᠷᠢᠨ ᠨᠢᠮᠪᠠᠢ ᠪᠠᠢᠴᠠᠭᠠᠨ ᠭᠠᠷᠭᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮᠤᠨ ᠲᠥᠪ ᠬᠣᠷᠢᠶᠠᠨᠤ ᠬᠠᠢᠷ᠎ᠠ ᠬᠠᠯᠠᠮᠵᠢ ᠶ᠋ᠢ ᠭᠠᠮᠰᠢᠭ᠍ᠳᠠᠭᠰᠠᠨ ᠣᠯᠠᠨ ᠲᠦᠮᠡᠨᠳᠤ ᠴᠠᠭ ᠲᠤᠬᠠᠢ ᠳ᠋ᠤᠨᠢ ᠬᠦᠷᠭᠡᠵᠦ᠂ ᠭᠠᠮᠰᠢᠭ᠍ᠳᠠᠭᠰᠠᠨ ᠣᠯᠠᠨ ᠲᠦᠮᠡᠨᠤ ᠦᠨᠳᠦᠰᠦᠨ ᠠᠮᠢᠳᠤᠷᠠᠯᠢ ᠦᠨᠡᠨ ᠬᠦ᠌ ᠪᠠᠲᠤᠯᠠᠪᠠ᠃
《ᠮᠡᠳᠡᠭᠳᠡᠯ》ᠳᠤ᠂ ᠡᠪᠦᠯ ᠬᠠᠪᠤᠷᠤᠨ ᠠᠪᠤᠷᠠᠨ ᠲᠤᠰᠠᠯᠠᠬᠤ ᠠᠵᠢᠯ ᠪᠣᠯ ᠠᠷᠠᠳᠤᠨ ᠰᠡᠳᠬᠢᠯᠤᠨ ᠢᠨᠵᠧᠨᠧᠷᠢᠩ᠂ ᠠᠷᠠᠳᠤᠨ ᠠᠮᠢᠳᠤᠷᠠᠯᠤᠨ ᠢᠨᠵᠧᠨᠧᠷᠢᠩ ᠮᠥᠨ᠂ ᠨᠠᠮ ᠪᠣᠯᠣᠨ ᠵᠠᠰᠠᠭᠤᠨ ᠣᠷᠳᠣᠨᠠᠴᠠ ᠭᠠᠮᠰᠢᠭ᠍ᠳᠠᠭᠰᠠᠨ ᠤᠯᠠᠨ ᠲᠦᠮᠡᠨᠢ ᠬᠠᠯᠠᠮᠵᠢᠯᠠᠨ ᠬᠠᠯᠠᠮᠵᠢᠯᠠᠵᠤ ᠪᠠᠢᠬᠤ ᠶ᠋ᠢ ᠢᠯᠡᠷᠡᠭᠦᠯᠵᠦ᠂ ᠤᠯᠤᠰ ᠲᠦᠷᠦ ᠵᠢᠨ ᠵᠣᠭᠰᠣᠴᠠᠪᠠᠨ ᠳᠡᠭᠡᠭᠰᠢᠯᠡᠭᠦᠯᠵᠦ᠂ 《ᠭᠠᠮᠰᠢᠭ᠍ᠳᠠᠭᠰᠠᠨ ᠤᠯᠠᠨ ᠲᠦᠮᠡᠨᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶ᠋ᠢ ᠪᠠᠲᠤᠯᠠᠬᠤ》 ᠬᠠᠷᠠᠯᠲᠠ ᠶ᠋ᠢ ᠴᠢᠩᠭ᠎ᠠ ᠠᠩᠬᠠᠷᠴᠤ᠂ ᠡᠪᠦᠯ ᠬᠠᠪᠤᠷᠤᠨ ᠠᠪᠤᠷᠠᠨ ᠲᠤᠰᠠᠯᠠᠬᠤ ᠶ᠋ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭᠠᠨ ᠰᠠᠢᠲᠤᠷ ᠨᠠᠢᠳᠠᠪᠤᠷᠢᠵᠢᠭᠤᠯᠵᠤ᠂ ᠰᠠᠢᠲᠤᠷ ᠪᠡᠶᠡᠯᠡᠭᠦᠯᠬᠦ ᠬᠡᠷᠡᠭᠲᠡᠢ᠃ ᠡᠷᠲᠡᠬᠡᠨ ᠠᠷᠭ᠎ᠠ ᠰᠦᠪᠡᠭᠴᠢᠯᠡᠵᠦ᠂ ᠦᠳᠲᠡᠷ ᠲᠦᠷᠭᠡᠨ ᠬᠥᠳᠡᠯᠦᠯᠴᠡᠵᠦ᠂ ᠲᠤᠰ ᠵᠢᠯᠤᠨ ᠡᠪᠦᠯ ᠬᠠᠪᠤᠷᠤᠨ ᠠᠪᠤᠷᠠᠨ ᠲᠤᠰᠠᠯᠠᠬᠤ ᠠᠵᠢᠯᠢ ᠤᠷᠢᠳᠴᠢᠯᠠᠨ ᠪᠠᠢᠷᠢᠯᠠᠭᠤᠯᠤᠨ ᠥᠷᠨᠢᠭᠦᠯᠵᠦ᠂ ᠦᠨᠳᠦᠰᠦᠨ ᠱᠠᠲᠤᠨᠤ ᠮᠡᠳᠡᠭᠡ ᠵᠠᠩᠭᠢᠵᠢᠯᠲᠠ ᠵᠢᠨ ᠲᠠᠪᠴᠠᠩᠢ ᠢᠳᠡᠪᠬᠢᠲᠡᠢ ᠬᠡᠷᠡᠭᠯᠡᠨ ᠠᠵᠢᠯ ᠵᠶ᠋ᠠᠨ ᠥᠷᠨᠢᠭᠦᠯᠬᠦ ᠶ᠋ᠢ ᠵᠢᠯᠤᠭᠣᠳᠬᠤ ᠵᠢᠨ ᠬᠠᠮᠲᠤ ᠪᠡᠯᠡ ᠮᠥᠩᠭᠥ ᠲᠠᠷᠬᠠᠭᠠᠬᠤ ᠶ᠋ᠢ ᠱᠠᠯᠠᠪᠳᠠᠭᠤᠯᠤᠨ ᠲᠦᠷᠭᠡᠳᠬᠡᠵᠦ᠂ ᠦᠷᠭᠦᠯᠵᠢᠯᠡᠨ ᠮᠥᠷᠳᠡᠨ ᠲᠣᠬᠢᠷᠠᠭᠤᠯᠵᠤ᠂ ᠴᠠᠭᠠᠨ ᠰᠠᠷᠠᠠᠴᠠ ᠡᠮᠦᠨ᠎ᠡ ᠭᠠᠮᠰᠢᠭ᠍ᠳᠠᠭᠰᠠᠨ ᠤᠯᠠᠨ ᠲᠦᠮᠡᠨᠤ ᠭᠠᠷᠲᠤ ᠪᠦᠭᠦᠨᠢ ᠣᠯᠭᠣᠬᠤ ᠶ᠋ᠢ ᠪᠠᠲᠤᠯᠠᠬᠤ ᠬᠡᠷᠡᠭᠲᠡᠢ᠃
《ᠮᠡᠳᠡᠭᠳᠡᠯ》ᠳᠤ᠂ ᠬᠦᠴᠦᠨ ᠵᠶ᠋ᠠᠨ ᠵᠣᠬᠢᠶᠠᠨ ᠪᠠᠢᠭᠤᠯᠤᠨ ᠭᠠᠮᠰᠢᠭ᠍ᠳᠠᠭᠰᠠᠨ ᠣᠷᠣᠨᠳᠤ ᠭᠦᠨᠵᠡᠭᠡᠢᠷᠡᠨ᠂ ᠭᠠᠮᠰᠢᠭ᠍ᠳᠠᠭᠰᠠᠨ ᠬᠥᠮᠥᠰᠤᠨ ᠰᠠᠭᠤᠷᠢ ᠲᠣᠭ᠎ᠠ ᠶ᠋ᠢ ᠪᠦᠭᠦ ᠲᠠᠯᠠᠪᠠᠷ ᠣᠢᠯᠭᠠᠨ ᠵᠢᠭ᠍ᠰᠠᠭᠠᠵᠤ᠂ ᠡᠪᠦᠯ ᠬᠠᠪᠤᠷᠤᠨ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠶ᠋ᠢ ᠪᠦᠭᠦ ᠲᠠᠯᠠᠪᠠᠷ ᠣᠨᠣᠪᠴᠢᠲᠠᠶ ᠨᠠᠢᠳᠠᠪᠤᠷᠢᠵᠢᠭᠤᠯᠵᠤ᠂ ᠠᠪᠤᠷᠠᠪᠠᠰᠤ ᠵᠣᠬᠢᠬᠤ ᠶ᠋ᠢ ᠨᠢ ᠪᠦᠭᠦᠨᠢ ᠠᠪᠤᠷᠠᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠠᠪᠤᠷᠠᠨ ᠲᠤᠰᠠᠯᠠᠬᠤ ᠳᠡᠰ ᠳᠠᠷᠠᠭᠠᠯᠠᠯᠢ ᠵᠢᠷᠤᠮᠵᠢᠭᠤᠯᠵᠤ᠂ ᠠᠪᠤᠷᠠᠨ ᠲᠤᠰᠠᠯᠠᠬᠤ ᠡᠲᠡᠭᠡᠳᠢ ᠪᠠᠢᠴᠠᠭᠠᠬᠤ᠂ ᠪᠦᠷᠢᠳᠬᠡᠬᠦ᠂ ᠬᠢᠨᠠᠨ ᠲᠣᠭᠲᠠᠭᠠᠬᠤ ᠵᠡᠷᠭᠡ ᠠᠵᠢᠯᠢ ᠰᠠᠢᠲᠤᠷ ᠬᠢᠬᠦ ᠬᠡᠷᠡᠭᠲᠡᠢ᠃ 《ᠲᠥᠷᠥᠯ ᠬᠤᠪᠢᠶᠠᠨ ᠠᠪᠤᠷᠠᠨ ᠲᠤᠰᠠᠯᠠᠬᠤ᠂ ᠭᠣᠣᠯᠳᠠᠯᠭᠠᠲᠠᠢ ᠠᠪᠤᠷᠠᠨ ᠲᠤᠰᠠᠯᠠᠬᠤ᠂ ᠨᠠᠷᠢᠯᠢᠭ᠋ ᠣᠨᠣᠴᠠᠲᠠᠢᠪᠠᠷ ᠠᠪᠤᠷᠠᠨ ᠲᠤᠰᠠᠯᠠᠬᠤ》 ᠵᠠᠷᠴᠢᠮ ᠶᠣᠰᠣᠭᠠᠷ᠂ ᠠᠪᠤᠷᠠᠨ ᠲᠤᠰᠠᠯᠠᠬᠤ ᠡᠲᠡᠭᠡᠳᠤᠨ ᠲᠥᠷᠥᠯ ᠢᠯᠭᠠᠯᠢ ᠵᠦᠢ ᠵᠣᠬᠢᠰᠲᠠᠢ ᠬᠤᠪᠢᠶᠠᠷᠢᠯᠠᠵᠤ᠂ ᠲᠥᠷᠥᠯ ᠬᠤᠪᠢᠶᠠᠨ ᠲᠠᠰ ᠬᠤᠪᠢᠶᠠᠨ ᠠᠪᠤᠷᠠᠨ ᠲᠤᠰᠠᠯᠠᠬᠤ ᠪᠠᠷᠢᠮᠵᠢᠶ᠎ᠠ ᠶ᠋ᠢ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠡᠪᠦᠯ ᠬᠠᠪᠤᠷᠤᠨ ᠠᠪᠤᠷᠠᠨ ᠲᠤᠰᠠᠯᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶ᠋ᠢ ᠦᠨᠡᠨᠬᠦ ᠪᠠᠲᠤᠯᠠᠨ᠎ᠠ᠃ ᠭᠠᠮᠰᠢᠭ᠍ᠳᠠᠭᠰᠠᠨ ᠣᠨᠴᠠᠭᠠᠶ ᠬᠦᠴᠢᠷᠳᠡᠯᠲᠡᠢ ᠬᠥᠮᠥᠰᠢ ᠭᠣᠣᠯᠳᠠᠯᠭᠠᠲᠠᠢ ᠠᠩᠬᠠᠷᠴᠤ᠂ ᠣᠨᠴᠠᠭᠠᠶ ᠬᠠᠷᠠᠭᠠᠯᠵᠠᠬᠤ ᠪᠠ ᠭᠣᠣᠯᠳᠠᠯᠭᠠᠲᠠᠢ ᠠᠪᠤᠷᠠᠨ ᠲᠤᠰᠠᠯᠠᠬᠤ ᠵᠢᠨ ᠬᠠᠮᠲᠤ ᠡᠪᠦᠯ ᠬᠠᠪᠤᠷᠤᠨ ᠠᠪᠤᠷᠠᠨ ᠲᠤᠰᠠᠯᠠᠬᠤ ᠪᠠ ᠨᠠᠭᠠᠲᠤ ᠵᠠᠬ᠎ᠠ ᠵᠢᠨ ᠠᠮᠢᠳᠤᠷᠠᠯᠤᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠬᠦᠴᠢᠷᠳᠡᠯᠢ ᠬᠠᠪᠰᠤᠷᠤᠨ ᠲᠡᠳᠬᠦᠬᠦ ᠵᠡᠷᠭᠡ ᠲᠣᠭᠲᠠᠴᠠ ᠶ᠋ᠢ ᠡᠮᠬᠢ ᠵᠢᠷᠤᠮᠲᠠᠢ ᠵᠣᠯᠭᠠᠭᠤᠯᠬᠤ ᠶ᠋ᠢ ᠰᠠᠢᠲᠤᠷ ᠬᠢᠬᠦ ᠬᠡᠷᠡᠭᠲᠡᠢ᠃
《ᠮᠡᠳᠡᠭᠳᠡᠯ》ᠳᠤ᠂ ᠭᠠᠮᠰᠢᠭ᠋ᠠᠴᠠ ᠠᠪᠤᠷᠠᠨ ᠲᠤᠰᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠶ᠋ᠢ ᠴᠢᠩᠭ᠎ᠠ ᠪᠣᠳᠠᠲᠠᠢᠵᠢᠭᠤᠯᠵᠤ᠂ ᠲᠥᠪᠤᠨ ᠪᠠ ᠣᠷᠣᠨ ᠨᠤᠲᠤᠭᠤᠨ ᠠᠪᠤᠷᠠᠨ ᠲᠤᠰᠠᠯᠠᠬᠤ ᠵᠣᠭᠣᠰ ᠮᠥᠩᠭᠥ ᠡᠳ᠋ ᠪᠣᠳᠠᠰᠢ ᠵᠦᠢ ᠵᠣᠬᠢᠰᠲᠠᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠪᠦᠯ ᠬᠠᠪᠤᠷᠤᠨ ᠠᠪᠤᠷᠠᠨ ᠲᠤᠰᠠᠯᠠᠬᠤ ᠵᠣᠭᠣᠰ ᠮᠥᠩᠭᠥ ᠡᠳ᠋ ᠪᠣᠳᠠᠰᠤᠨ ᠬᠠᠮᠢᠶᠠᠷᠤᠯᠲᠠ ᠬᠡᠷᠡᠭᠯᠡᠯᠲᠡ ᠵᠢᠨ ᠰᠠᠬᠢᠯᠭ᠎ᠠ ᠪᠠᠲᠤ ᠶ᠋ᠢ ᠴᠢᠩᠳᠠᠯᠠᠵᠤ᠂ ᠪᠡᠯᠡ ᠮᠥᠩᠭᠥ ᠶ᠋ᠢ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ᠂ ᠣᠯᠭᠣᠬᠤ ᠶ᠋ᠢ ᠤᠳᠠᠭᠠᠰᠢᠷᠠᠭᠤᠯᠬᠤ ᠪᠤᠶᠤ ᠦᠯᠦ ᠬᠡᠷᠡᠭᠯᠡᠬᠦ ᠶ᠋ᠢ ᠡᠷᠡᠰ ᠬᠣᠷᠢᠭ᠍ᠯᠠᠵᠤ᠂ ᠬᠢᠨᠠᠨ ᠪᠤᠳᠤᠬᠤ ᠪᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠵᠡᠷᠭᠡ ᠰᠠᠯᠠᠭ᠎ᠠ ᠮᠥᠴᠢᠷᠤᠨ ᠬᠢᠨᠠᠯᠲᠠ ᠲᠠᠯᠪᠢᠵᠤ ᠪᠠᠢᠴᠠᠭᠠᠬᠤᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ ᠠᠪᠤᠷᠠᠨ ᠲᠤᠰᠠᠯᠠᠬᠤ ᠲᠦᠷᠦ ᠵᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠬᠤ ᠠᠵᠢᠯᠢ ᠰᠠᠨᠠᠭᠠᠴᠢᠯᠠᠭᠠᠠᠴᠠᠪᠠᠨ ᠰᠠᠢᠲᠤᠷ ᠬᠢᠵᠦ᠂ ᠵᠢᠯᠤᠨ ᠡᠴᠦᠰᠤᠨ ᠡᠷᠭᠢᠨ ᠦᠵᠡᠵᠦ ᠲᠣᠬᠣᠨᠢᠭᠤᠯᠬᠤ ᠠᠵᠢᠯᠯᠠᠭᠠᠲᠠᠢ ᠤᠶᠠᠯᠳᠤᠭᠤᠯᠵᠤ᠂ ᠭᠠᠮᠰᠢᠭ᠍ᠳᠠᠭᠰᠠᠨ ᠤᠯᠠᠨ ᠲᠦᠮᠡᠨᠤ ᠦᠵᠡᠯ ᠰᠠᠨᠠᠭᠠᠨᠤ ᠪᠠᠢᠳᠠᠯᠢ ᠴᠠᠭ ᠲᠤᠬᠠᠢ ᠳ᠋ᠤᠨᠢ ᠮᠥᠷᠳᠡᠨ ᠣᠢᠯᠠᠭᠠᠵᠤ᠂ ᠬᠥᠮᠥᠨᠤ ᠰᠡᠳᠬᠢᠯ ᠠᠮᠤᠷ ᠪᠠᠢᠬᠤ ᠪᠠ ᠨᠡᠢᠭᠡᠮᠤᠨ ᠶᠡᠬᠡ ᠲᠠᠯ᠎ᠠ ᠵᠢᠨ ᠲᠣᠭᠲᠠᠭᠤᠨᠢ ᠪᠠᠲᠤᠯᠠᠬᠤ ᠬᠡᠷᠡᠭᠲᠡᠢ᠃