《ᠥᠩᠭᠡᠷᠡᠭᠰᠡᠨ᠎ᠳᠦ ᠬᠠᠭᠤᠴᠢᠨ ᠳᠠᠶ᠋ᠢᠴᠢᠨ ᠨᠥᠬᠥᠳ ᠲᠠᠢ᠎ᠪᠠᠨ ᠤᠲᠠᠰᠤ᠎ᠪᠠᠷ ᠶᠠᠷᠢᠬᠤ᠎ᠳᠦ ᠶᠡᠷᠦ ᠨᠢ ᠲᠣᠳᠣ᠌ ᠣᠯᠵᠤ ᠰᠣᠨᠣᠰᠬᠤ ᠦᠭᠡᠢ ᠪᠠᠢᠳᠠᠭ᠂ ᠣᠳᠣ ᠶᠡᠬᠡ ᠰᠠᠢᠨ ᠪᠣᠯᠣᠯ᠎ᠠ᠂ ᠰᠣᠨᠣᠷ᠎ᠤᠨ ᠰᠢᠨ᠎ᠡ ᠲᠤᠳᠤᠤᠡᠬᠠᠭᠤᠷ ᠲᠠᠢ ᠪᠣᠯᠤᠭᠰᠠᠨ ᠪᠣᠯᠬᠣᠷ ᠪᠤᠰᠤᠳ᠎ᠤᠨ ᠶᠠᠷᠢᠬᠤ᠎ᠶᠢ ᠣᠯᠵᠤ ᠰᠣᠨᠣᠰᠬᠤ ᠦᠭᠡᠢ ᠭᠡᠵᠦ ᠰᠠᠨᠠᠭ᠎ᠠ ᠵᠣᠪᠠᠬᠤ ᠬᠡᠷᠡᠭ ᠠᠯᠠᠭ᠎ᠠ》᠃ 10 ᠳ᠋ᠤᠭᠠᠷ ᠰᠠᠷ᠎ᠠ᠎ᠶᠢᠨ 21᠎ᠦ ᠡᠳᠦᠷ᠂ ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠠᠯᠠᠮᠵᠢᠯᠠᠬᠤ ᠰᠠᠭᠤᠷᠢ ᠮᠥᠩᠭᠥᠨ᠎ᠦ ᠨᠡᠢᠭᠡᠮᠯᠢᠭ᠎ᠤᠨ ᠭᠣᠣᠯᠯᠠᠨ ᠡᠷᠭᠢᠯᠡᠭᠰᠡᠨ 《ᠴᠡᠷᠢᠭ᠎ᠦᠨ ᠠᠯᠪᠠ᠎ᠠᠴᠠ ᠬᠠᠯᠠᠭᠳᠠᠭᠰᠠᠨ ᠠᠬᠠᠮᠠᠳ ᠴᠡᠷᠢᠭ᠎ᠦᠨ ᠰᠣᠨᠣᠷ᠎ᠤᠨ ᠡᠷᠡᠭᠦᠯ ᠮᠡᠨᠳᠦ᠎ᠶᠢ ᠬᠠᠯᠠᠮᠵᠢᠯᠠᠬᠤ ᠠᠵᠢᠯᠯᠠᠭᠠᠨ》᠎ᠤ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠴᠡᠷᠢᠭ᠎ᠦᠨ ᠠᠯᠪᠠ᠎ᠠᠴᠠ ᠬᠠᠯᠠᠭᠳᠠᠭᠰᠠᠨ ᠯᠢ ᠯᠢᠨ ᠰᠣᠨᠣᠷ᠎ᠤᠨ ᠰᠢᠨ᠎ᠡ ᠣᠶᠣᠨᠲᠤ ᠲᠤᠳᠤᠤᠡᠬᠠᠭᠤᠷᠢ ᠠᠳᠬᠤᠭᠠᠳ᠂ ᠰᠡᠳᠬᠢᠯ ᠳᠣᠭᠳᠣᠯᠤᠨ ᠬᠡᠯᠡᠵᠦ ᠪᠠᠢᠯ᠎ᠠ᠃ ᠲᠤᠬᠠᠢ᠎ᠶᠢᠨ ᠡᠳᠦᠷ᠂ ᠳᠤᠮᠳᠠᠳᠤ ᠤᠯᠤᠰ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠠᠯᠠᠮᠵᠢᠯᠠᠬᠤ ᠰᠠᠭᠤᠷᠢ ᠮᠥᠩᠭᠥᠨ᠎ᠦ ᠨᠡᠢᠭᠡᠮᠯᠢᠭ ᠨᠢ ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠠᠯᠠᠮᠵᠢᠯᠠᠬᠤ ᠰᠠᠭᠤᠷᠢ ᠮᠥᠩᠭᠥᠨ᠎ᠦ ᠨᠡᠢᠭᠡᠮᠯᠢᠭ᠎ᠲᠦ ᠶᠡᠷᠦᠩᠬᠡᠢ ᠥᠷᠲᠡᠭ ᠨᠢ 119.6 ᠲᠦᠮᠡᠨ ᠲᠥᠭᠥᠷᠢᠭ ᠪᠣᠯᠬᠤ ᠰᠣᠨᠣᠷ᠎ᠤᠨ ᠣᠶᠤᠨᠲᠤ ᠲᠤᠳᠤᠤᠡᠬᠠᠭᠤᠷᠢ 200 ᠬᠠᠨᠳᠢᠪᠯᠡᠵᠤ᠂ ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠨ ᠠᠬᠠᠮᠠᠳ ᠴᠡᠷᠢᠭᠦᠳ ᠵᠢᠴᠢ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠬᠢᠨ᠂ ᠠᠯᠪᠠ ᠠᠵᠢᠯ᠎ᠢᠶᠠᠷ ᠨᠥᠭᠴᠢᠭᠰᠡᠨ ᠴᠡᠷᠢᠭ᠎ᠦᠨ ᠭᠡᠷ ᠪᠦᠯᠢ᠎ᠶᠢᠨ ᠬᠢᠨ᠂ ᠡᠪᠡᠳᠴᠢᠨ᠎ᠢᠶᠡᠷ ᠨᠠᠰᠤ ᠪᠠᠷᠠᠭᠰᠠᠨ ᠴᠡᠷᠢᠭ᠎ᠦᠨ ᠭᠡᠷ ᠪᠦᠯᠢ᠎ᠶᠢᠨ ᠬᠢᠨᠢ ᠬᠠᠯᠠᠭᠤᠨ ᠳᠣᠲᠣᠨᠣ᠌᠎ᠪᠡᠷ ᠬᠠᠯᠠᠮᠵᠢᠯᠠᠪᠠ᠃
《ᠴᠡᠷᠢᠭ ᠠᠩᠭᠢ᠎ᠳᠤ ᠬᠠᠷᠠᠭᠤᠯ ᠵᠣᠭᠰᠣᠵᠤ ᠪᠠᠢᠬᠤ᠎ᠳᠤ᠎ᠪᠠᠨ ᠤᠷᠲᠤ ᠬᠤᠭᠤᠴᠠᠭᠠᠨ᠎ᠤ ᠣᠷᠴᠢᠨ ᠨᠥᠭᠦᠴᠡᠯ᠎ᠦᠨ ᠨᠥᠯᠥᠭᠡᠯᠡᠯ᠎ᠠᠴᠠ᠂ ᠠᠵᠢᠯ᠎ᠠᠴᠠ ᠠᠮᠠᠷᠠᠭᠰᠠᠨ᠎ᠤ ᠳᠠᠷᠠᠭ᠎ᠠ ᠰᠣᠨᠣᠷ ᠤᠯᠠᠮ᠎ᠠᠴᠠ ᠤᠯᠠᠮ ᠮᠠᠭᠤᠳᠠᠵᠤ᠂ ᠭᠡᠷ᠎ᠦᠨ ᠬᠥᠮᠥᠰ᠎ᠲᠠᠢ᠎ᠪᠡᠨ ᠶᠠᠷᠢᠯᠴᠠᠬᠤ᠎ᠳᠤ ᠴᠤ᠌ ᠴᠢᠩᠭ᠎ᠠ ᠳᠠᠭᠤᠨ᠎ᠢᠶᠠᠷ ᠬᠡᠯᠡᠬᠦ ᠬᠡᠷᠡᠭᠲᠡᠢ ᠪᠣᠯᠵᠠᠢ᠃ ᠣᠳᠣ᠌ ᠵᠠᠰᠠᠭ᠎ᠤᠨ ᠣᠷᠳᠣᠨ ᠬᠢᠭᠡᠳ ᠰᠠᠭᠤᠷᠢ ᠮᠥᠩᠭᠥᠨ᠎ᠦ ᠨᠡᠢᠭᠡᠮᠯᠢᠭ ᠪᠢᠳᠡᠨ᠎ᠢ ᠬᠠᠯᠠᠮᠵᠢᠯᠠᠵᠤ᠂ ᠡᠢᠮᠦ ᠰᠠᠢᠨ ᠲᠥᠬᠦᠭᠡᠷᠦᠮᠵᠢ᠎ᠶᠢ ᠰᠦᠢᠳᠬᠡᠯ ᠠᠪᠬᠤ ᠦᠭᠡᠢ᠎ᠪᠡᠷ ᠲᠣᠬᠢᠷᠠᠭᠤᠯᠵᠤ ᠥᠭᠭᠦᠭᠰᠡᠨ᠎ᠳᠦ ᠰᠡᠳᠬᠢᠯ ᠮᠠᠰᠢ ᠥᠨᠳᠥᠷ ᠪᠠᠢᠨ᠎ᠠ 》 ᠭᠡᠵᠦ ᠴᠡᠷᠢᠭ᠎ᠦᠨ ᠠᠯᠪᠠᠨ᠎ᠠᠴᠠ ᠬᠠᠯᠠᠭᠳᠠᠭᠰᠠᠨ ᠾᠧᠦ ᠰᠦᠸᠸ ᠶᠢᠨ ᠪᠠᠶᠠᠷᠲᠠᠢᠬᠠᠨ ᠬᠡᠯᠡᠪᠡ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ ᠨᠢ ᠥᠪᠥᠷ ᠮᠣᠩᠭᠣᠯ ᠣᠷᠣᠨ᠎ᠤ 60 ᠨᠠᠰᠤᠨ᠎ᠡᠴᠡ ᠳᠡᠭᠡᠭᠰᠢᠬᠢ ᠴᠡᠷᠢᠭ᠎ᠦᠨ ᠠᠯᠪᠠ᠎ᠠᠴᠠ ᠬᠠᠯᠠᠭᠳᠠᠭᠰᠠᠳ ᠵᠢᠴᠢ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠬᠢᠨ᠂ ᠠᠯᠪᠠ ᠠᠵᠢᠯ᠎ᠢᠶᠠᠷ ᠨᠥᠭᠴᠢᠭᠰᠡᠨ ᠴᠡᠷᠢᠭ᠎ᠦᠨ ᠭᠡᠷ ᠪᠦᠯᠢ᠎ᠶᠢᠨ ᠬᠢᠨ᠂ ᠡᠪᠡᠳᠴᠢᠨ᠎ᠢᠶᠡᠷ ᠨᠠᠰᠤ ᠪᠠᠷᠠᠭᠰᠠᠨ ᠴᠡᠷᠢᠭ᠎ᠦᠨ ᠭᠡᠷ ᠪᠦᠯᠢ᠎ᠶᠢᠨ ᠬᠢᠨ ᠵᠡᠷᠭᠡ ᠬᠠᠯᠠᠮᠵᠢᠯᠠᠬᠤ ᠴᠢᠬᠤᠯᠠᠲᠠᠢ ᠬᠥᠮᠥᠰ᠎ᠲᠦ ᠠᠩᠬᠠᠷᠤᠯ᠎ᠢᠶᠠᠨ ᠴᠢᠩᠬ᠎ᠠ ᠲᠥᠪᠯᠡᠷᠡᠭᠦᠯᠵᠦ᠂ 《ᠰᠢᠭ᠌ᠰᠢᠨ ᠪᠠᠢᠴᠠᠭᠠᠬᠤ + ᠠᠰᠠᠭᠤᠨ ᠯᠠᠪᠯᠠᠬᠤ + ᠳᠣᠬᠢᠷᠠᠭᠤᠯᠤᠨ ᠵᠡᠭᠦᠯᠭᠡᠬᠦ + ᠰᠣᠨᠣᠰᠬᠠᠨ ᠲᠤᠷᠰᠢᠬᠤ 》 ᠪᠥᠬᠥ ᠬᠡᠯᠬᠢᠶᠡᠨ᠎ᠦ ᠦᠢᠯᠡᠴᠢᠯᠡᠭᠡ᠎ᠪᠡᠷ ᠳᠠᠮᠵᠢᠭᠤᠯᠤᠨ᠂ ᠰᠣᠨᠣᠷ᠎ᠤᠨ ᠰᠠᠭᠠᠳ᠎ᠲᠠᠢ ᠬᠥᠮᠥᠰ᠎ᠦᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠨᠢ ᠰᠠᠢᠵᠢᠷᠠᠭᠤᠯᠵᠤ᠂ ᠴᠡᠷᠢᠭ᠎ᠦᠨ ᠠᠯᠪᠠᠨ᠎ᠡᠴᠡ ᠬᠠᠯᠠᠭᠳᠠᠭᠰᠠᠳ᠎ᠤᠨ ᠬᠡᠷᠡᠭᠴᠡᠭᠡ ᠱᠠᠭᠠᠷᠳᠠᠯᠭ᠎ᠠ᠎ᠳᠤ ᠨᠡᠢᠭᠡᠮ᠎ᠦᠨ ᠡᠯ᠎ᠡ ᠡᠲᠡᠭᠡᠳ᠎ᠤᠨ ᠠᠩᠬᠠᠷᠤᠯ᠎ᠢ ᠬᠠᠨᠳᠤᠭᠤᠯᠬᠤ᠎ᠪᠡᠷ ᠬᠥᠲᠥᠯᠥᠨ ᠵᠢᠯᠣᠭᠣᠳᠪᠠ᠃
ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠠᠯᠠᠮᠵᠢᠯᠠᠬᠤ ᠰᠠᠭᠤᠷᠢ ᠮᠥᠩᠭᠥᠨ᠎ᠦ ᠨᠡᠢᠭᠡᠮᠯᠢᠭ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠦᠨ ᠵᠢᠯᠣᠭᠣᠳᠤᠯᠭ᠎ᠠ᠎ᠪᠠᠷ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠢᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠦᠨᠳᠦᠳᠬᠡᠨ ᠬᠠᠢᠷᠠᠯᠠᠬᠤ᠎ᠪᠠᠨ ᠪᠣᠳᠠᠲᠤ ᠠᠵᠢᠯᠯᠠᠭ᠎ᠠ᠎ᠪᠠᠷ᠎ᠢᠶᠠᠨ ᠢᠯᠡᠷᠡᠭᠦᠯᠵᠦ᠂ ᠡᠯ᠎ᠡ ᠡᠲᠡᠭᠡᠳ᠎ᠦᠨ ᠬᠢᠨᠢ ᠬᠥᠲᠥᠯᠥᠨ ᠵᠢᠯᠤᠭᠣᠳᠴᠤ ᠪᠠᠢᠭᠠᠳ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ ᠬᠠᠨᠳᠤᠭᠤᠯᠵᠤ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠬᠦᠨᠳᠦᠳᠬᠡᠨ ᠬᠠᠢᠷᠠᠯᠠᠬᠤ ᠨᠡᠢᠭᠡᠮ᠎ᠦᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠣᠶ ᠪᠣᠯᠭᠠᠬᠤ ᠪᠣᠯᠣᠨ᠎ᠠ᠃