10 ᠰᠠᠷ᠎ᠠ ᠵᠢᠨ 16᠎ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ᠎ᠤ 《ᠤᠯᠤᠰ᠎ᠤᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠪᠠ ᠦᠷᠭᠦᠯᠵᠢᠯᠡᠬᠦ ᠬᠥᠭᠵᠢᠯᠲᠡ ᠵᠢᠨ ᠶᠡᠷᠦᠩᠬᠡᠢᠯᠡᠭᠰᠡᠨ ᠶᠠᠷᠢᠶᠠᠨ᠎ᠤ ᠲᠠᠪᠴᠠᠩ》 ᠵᠧᠵᠢᠶᠠᠩ ᠮᠤᠵᠢ ᠵᠢᠨ ᠬᠠᠩᠵᠧᠦ ᠬᠤᠲᠠ᠎ᠳᠤ ᠶᠠᠪᠤᠭᠳᠠᠪᠠ᠃ ᠶᠠᠷᠢᠶᠠᠨ᠎ᠤ ᠲᠠᠪᠴᠠᠩ ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ᠎ᠤ ᠠᠵᠢᠯ᠎ᠤᠨ ᠪᠠᠢᠷᠢᠯᠠᠭᠤᠯᠤᠯᠲᠠ ᠶ᠋ᠢ ᠨᠠᠢᠳᠠᠪᠤᠷᠢᠵᠢᠭᠤᠯᠵᠤ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠶ᠋ᠠᠷ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠪᠣᠯᠣᠨ ᠦᠨᠳᠦᠰᠦᠨ ᠱᠠᠲᠤᠨ᠎ᠤ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ ᠶ᠋ᠢ ᠳᠡᠭᠡᠭᠰᠢᠯᠡᠭᠦᠯᠭᠦ》᠎ᠪᠠᠷ ᠭᠣᠣᠯ ᠰᠡᠳᠦᠪ ᠪᠤᠯᠭᠠᠵᠤ᠂ ᠳᠤᠮᠳᠠᠳᠤ ᠤᠯᠤᠰ᠎ᠤᠨ ᠭᠠᠮᠰᠢᠭ᠋᠎ᠢ ᠰᠡᠷᠭᠡᠢᠯᠡᠬᠦ ᠨᠡᠢᠭᠡᠮᠯᠢᠭ᠎ᠤᠨ ᠳᠠᠷᠤᠭ᠎ᠠ ᠵᠧᠩ ᠭᠦᠸᠧ ᠭᠤᠸᠠᠩ ᠶᠠᠷᠢᠶᠠᠨ᠎ᠤ ᠲᠠᠪᠴᠠᠩ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬ᠍ᠰᠠᠨ ᠪᠥᠭᠡᠳ ᠪᠠᠶᠠᠷ᠎ᠤᠨ ᠦᠭᠡ ᠬᠡᠯᠡᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠠᠺᠠᠳᠧᠮᠢᠴᠢ ᠴᠧᠨ ᠰᠢᠶᠣᠣ ᠹᠧᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠴᠧᠨ ᠴᠦᠨ᠂ ᠮᠧᠩ ᠵᠢᠶᠠᠨ ᠮᠢᠨ ᠤᠷᠢᠯᠭ᠎ᠠ᠎ᠪᠠᠷ ᠭᠣᠣᠯ ᠵᠤᠷᠢᠯᠳᠠᠳᠤ ᠮᠡᠳᠡᠭᠦᠯᠦᠯᠲᠡ ᠬᠢᠪᠡ᠃
ᠵᠧᠩ ᠭᠦᠸᠧ ᠭᠤᠸᠠᠩ ᠵᠢᠭᠠᠵᠤ ᠭᠠᠷᠭᠠᠭᠰᠠᠨ ᠨᠢ᠂ ᠢᠷᠡᠭᠡᠳᠦᠢ ᠵᠢᠨ ᠪᠠᠢᠭᠠᠯᠢ ᠵᠢᠨ ᠭᠠᠮᠰᠢᠭ᠋᠎ᠢ ᠠᠷᠭᠠᠴᠠᠭᠠᠬᠤ ᠬᠠᠲᠠᠭᠤ ᠪᠡᠷᠬᠡ ᠡᠭᠦᠷᠭᠡ ᠵᠢᠨ ᠡᠮᠦᠨ᠎ᠡ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ ᠶ᠋ᠢ ᠳᠡᠭᠡᠭᠰᠢᠯᠡᠭᠦᠯᠭᠦ᠎ᠳᠤ ᠡᠷᠬᠡᠪᠰᠢ ᠣᠨᠣᠯ ᠵᠶ᠋ᠠᠷ ᠵᠡᠪᠰᠡᠭᠯᠡᠬᠦ ᠶ᠋ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠎ᠳᠤ ᠲᠦᠰᠢᠭᠯᠡᠨ᠂ ᠰᠠᠭᠤᠷᠢ ᠶ᠋ᠢ ᠪᠠᠲᠤᠳᠬᠠᠨ ᠦᠨᠳᠦᠰᠦ ᠶ᠋ᠢ ᠪᠡᠬᠢᠵᠢᠭᠦᠯᠬᠦ ᠬᠡᠷᠡᠭᠲᠡᠢ᠃ 《ᠬᠣᠶᠠᠷ᠎ᠢ ᠪᠠᠷᠢᠮᠲᠠᠯᠠᠬᠤ᠂ ᠭᠤᠷᠪᠠ ᠶ᠋ᠢ ᠬᠤᠪᠢᠷᠠᠭᠤᠯᠬᠤ》 ᠠᠵᠢᠯ᠎ᠤᠨ ᠴᠢᠭᠯᠡᠯᠲᠡ ᠶ᠋ᠢ ᠭᠦᠨᠵᠡᠭᠡᠢ ᠲᠤᠤᠱᠯᠠᠭᠤᠯᠵᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠶᠡᠷᠦᠩᠬᠡᠢᠯᠡᠭᠰᠡᠨ ᠪᠠᠢᠭᠤᠯᠤᠯ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠰᠢᠨ᠎ᠡ ᠦᠷ᠎ᠡ ᠪᠦᠲᠦᠭᠡᠯ᠎ᠢ ᠴᠢᠬᠤᠯᠠᠴᠢᠯᠠᠬᠤ ᠵᠢᠨ ᠬᠠᠮᠲᠤ ᠥᠷᠭᠡᠨ ᠵᠶ᠋ᠠᠷ ᠬᠡᠷᠡᠭᠯᠡᠵᠦ᠂ ᠣᠶᠤᠨᠴᠢᠯᠠᠭᠰᠠᠨ ᠮᠠᠰᠢᠨ ᠬᠥᠮᠥᠨ᠂ ᠡᠳ᠋ ᠪᠠᠷᠠᠭᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠢᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ ᠶ᠋ᠢ ᠳᠡᠭᠡᠭᠰᠢᠯᠡᠭᠦᠯᠭᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ ᠶ᠋ᠢ ᠳᠡᠭᠡᠭᠰᠢᠯᠡᠭᠦᠯᠭᠦ᠎ᠳᠤ ᠰᠢᠨ᠎ᠡ ᠬᠥᠳᠡᠯᠭᠡᠬᠦ ᠬᠦᠴᠦᠨ᠎ᠢ ᠠᠪᠴᠢᠷᠠᠬᠤ ᠬᠡᠷᠡᠭᠲᠡᠢ᠃ ᠦᠨᠳᠦᠰᠦᠨ ᠱᠠᠲᠤᠨ᠎ᠤ ᠭᠠᠮᠰᠢᠭ᠋᠎ᠢ ᠪᠠᠭᠠᠰᠬᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ ᠵᠢᠨ ᠪᠠᠢᠭᠤᠯᠤᠯᠲᠠ ᠶ᠋ᠢ ᠨᠡᠩ ᠴᠢᠬᠤᠯᠠᠴᠢᠯᠠᠬᠤ ᠵᠢᠨ ᠬᠠᠮᠲᠤ ᠦᠨᠡᠨ ᠬᠦ᠌ ᠴᠢᠩᠭᠠᠳᠬᠠᠵᠤ᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠵᠢᠯᠤᠭᠣᠳᠬᠤ ᠴᠢᠳᠠᠪᠤᠷᠢ᠂ ᠠᠮᠤᠷ ᠲᠦᠪᠰᠢᠨ᠎ᠤ ᠠᠶᠤᠯ ᠲᠦᠭᠰᠢᠭᠦᠷᠢ ᠶ᠋ᠢ ᠰᠡᠷᠭᠡᠢᠯᠡᠬᠦ ᠴᠢᠳᠠᠪᠤᠷᠢ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠵᠢᠨ ᠪᠣᠳᠠᠲᠤ ᠪᠠᠢᠯᠳᠤᠭᠠᠨ᠎ᠤ ᠴᠢᠳᠠᠪᠤᠷᠢ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠤᠯᠭᠠᠭᠤᠷᠢᠯᠠᠯ ᠪᠠᠲᠤᠯᠠᠭ᠎ᠠ ᠵᠢᠨ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶᠢ ᠳᠣᠷᠣᠭ᠍ᠰᠢ ᠬᠡᠯᠪᠡᠢᠯᠭᠡᠬᠦ ᠂ ᠪᠣᠭᠣᠮᠲᠠ᠎ᠶᠢ ᠤᠷᠤᠭ᠍ᠰᠢ ᠰᠢᠯᠵᠢᠭᠦᠯᠬᠦ᠎ᠶᠢ ᠠᠬᠢᠭᠤᠯᠵᠤ ᠂ ᠬᠦᠨᠳᠦ ᠶᠡᠬᠡ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠨ ᠠᠷᠢᠯᠭᠠᠬᠤ ᠬᠡᠷᠡᠭᠲᠡᠢ᠃
ᠲᠤᠰ ᠬᠤᠭᠤᠴᠠᠭᠠᠨ᠎ᠤ ᠶᠠᠷᠢᠶᠠᠨ᠎ᠤ ᠲᠠᠪᠴᠠᠩ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ᠎ᠤ ᠤᠯᠤᠰ᠎ᠤᠨ ᠭᠠᠮᠰᠢᠭ᠋᠎ᠢ ᠪᠠᠭᠠᠰᠬᠠᠬᠤ ᠲᠥᠪ᠎ᠠᠴᠠ ᠭᠣᠣᠯᠯᠠᠨ ᠡᠷᠭᠢᠯᠡᠵᠦ᠂ ᠵᠧᠵᠢᠶᠠᠩ ᠶᠡᠬᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠪᠠᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢᠨ ᠬᠠᠷᠠᠯᠲᠠ ᠪᠣᠯᠣᠨ ᠴᠢᠭᠯᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠣᠬᠢᠶᠠᠮᠠᠯ ᠣᠶᠤᠨ ᠴᠢᠳᠠᠪᠤᠷᠢ᠎ᠪᠠᠷ ᠲᠥᠯᠥᠭᠡᠯᠡᠭᠦᠯᠦᠭᠰᠡᠨ ᠰᠢᠨ᠎ᠡ᠎ᠪᠡᠷ ᠬᠥᠭᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠭᠠᠮᠰᠢᠭ᠋ ᠰᠡᠷᠭᠡᠢᠯᠡᠨ ᠭᠠᠮᠰᠢᠭ᠋᠎ᠢ ᠪᠠᠭᠠᠰᠬᠠᠵᠤ ᠭᠠᠮᠰᠢᠭ᠋᠎ᠠᠴᠠ ᠠᠪᠤᠷᠠᠬᠤ ᠠᠷᠭ᠎ᠠ ᠵᠠᠮ ᠪᠠ ᠠᠷᠭ᠎ᠠ᠎ᠶᠢ ᠭᠣᠣᠯᠳᠠᠯᠭ᠎ᠠ᠎ᠲᠠᠢ ᠬᠠᠢᠨ ᠰᠦᠪᠡᠭᠴᠢᠯᠡᠵᠦ ᠂ ᠵᠣᠬᠢᠶᠠᠮᠠᠯ ᠣᠶᠤᠨ ᠴᠢᠳᠠᠪᠤᠷᠢ᠎ᠶᠢ ᠭᠠᠮᠰᠢᠭ᠋᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠂ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ ᠂ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ ᠂ ᠭᠠᠮᠰᠢᠭ᠋᠎ᠠᠴᠠ ᠠᠪᠤᠷᠠᠨ ᠲᠤᠰᠠᠯᠠᠬᠤ ᠵᠡᠷᠭᠡ ᠲᠠᠯ᠎ᠠ᠎ᠪᠠᠷ ᠪᠣᠳᠠᠲᠠᠢ ᠬᠡᠷᠡᠭᠯᠡᠬᠦ᠎ᠶᠢ ᠭᠦᠨᠵᠡᠭᠡᠢ ᠬᠤᠪᠢᠶᠠᠯᠴᠠᠵᠤ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ᠎ᠶᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠤᠨ᠎ᠠ᠃ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠂ ᠡᠮᠦᠨᠡᠲᠦ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ ᠂ ᠱᠧᠨᠵᠧᠨ ᠶᠡᠬᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲᠧᠮ ᠪᠣᠯᠣᠨ ᠬᠣᠯᠪᠣᠭᠳᠠᠯ ᠪᠦᠬᠦᠢ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯᠲᠡᠨ ᠰᠤᠳᠤᠯᠤᠨ ᠶᠠᠷᠢᠯᠴᠠᠬᠤ᠎ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠵᠡᠢ᠃