ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠲᠦᠷᠭᠡᠨ ᠠᠪᠤᠷᠠᠯᠲᠠ ᠵᠢᠨ ᠮᠡᠳᠡᠯᠭᠡ ᠵᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-18

ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠥᠪᠯᠡᠯ ᠡᠴᠡ ᠣᠢᠯᠠᠭᠠᠭᠰᠠᠨ ᠵᠢᠡᠷ᠂ ᠲᠦᠷᠦᠭᠦᠬᠡᠨ ᠤᠯᠠᠭᠠᠨᠴᠠᠪ ᠬᠣᠲᠠ ᠵᠢᠨ 120 ᠡᠮᠴᠢᠯᠡᠭᠡᠨ ᠤ᠋ ᠲᠦᠷᠭᠡᠨ ᠠᠪᠤᠷᠠᠯᠲᠠ ᠵᠢᠨ ᠵᠢᠯᠤᠭᠣᠳᠬᠤ ᠲᠥᠪ ᠵᠢᠨᠢᠩ ᠤ᠋ᠨ ᠪᠠᠭ᠍ᠰᠢ ᠵᠢᠨ ᠳᠡᠭᠡᠳᠦ ᠰᠤᠷᠭᠠᠭᠤᠯᠢ ᠳ᠋ᠤ᠌ ᠬᠦᠷᠴᠦ᠂ ᠪᠠᠭ᠍ᠰᠢ ᠰᠤᠷᠤᠬ᠍ᠴᠢᠳ ᠲᠤ᠌ ᠡᠯᠪᠡᠭ ᠪᠠᠶᠠᠯᠢᠭ᠋ ᠠᠭᠤᠯᠭ᠎ᠠ ᠪᠦᠬᠦᠢ ᠬᠡᠷᠡᠭᠯᠡᠭᠡᠨ ᠤ᠋ ᠴᠢᠨᠠᠷ ᠵᠢᠠᠷ ᠴᠢᠩᠭ᠎ᠠ ᠲᠦᠷᠭᠡᠨ ᠠᠪᠤᠷᠠᠯᠲᠠ ᠵᠢᠨ ᠮᠡᠳᠡᠯᠭᠡ ᠮᠡᠷᠭᠡᠵᠢᠯ ᠤ᠋ᠨ ᠴᠢᠳᠠᠪᠤᠷᠢ ᠵᠢᠨ ᠪᠣᠯᠪᠠᠰᠤᠷᠠᠯ ᠬᠦᠷᠲᠡᠭᠡᠬᠦ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠵᠢᠨ ᠪᠣᠯᠪᠠᠰᠤᠷᠠᠯ ᠨᠢ ᠲᠦᠷᠭᠡᠨ ᠠᠪᠤᠷᠠᠯᠲᠠ ᠵᠢᠨ ᠦᠨᠳᠦᠰᠦᠨ ᠴᠢᠳᠠᠪᠤᠷᠢ ᠶ᠋ᠢ ᠲᠦᠭᠡᠮᠡᠯᠵᠢᠭᠦᠯᠵᠦ᠂ ᠪᠠᠭ᠍ᠰᠢ ᠰᠤᠷᠤᠬ᠍ᠴᠢᠳ ᠤ᠋ᠨ ᠭᠡᠨᠡᠳᠲᠡ ᠵᠢᠨ ᠬᠡᠷᠡᠭ ᠢ᠋ ᠠᠷᠭᠠᠴᠠᠭᠠᠬᠤ ᠥᠪᠡᠷ ᠢ᠋ ᠪᠡᠨ ᠠᠪᠤᠷᠠᠬᠤ ᠴᠢᠳᠠᠪᠤᠷᠢ ᠶ᠋ᠢ ᠳᠡᠭᠡᠭᠰᠢᠯᠡᠭᠦᠯᠭᠦ᠎ᠳᠤ ᠠᠬᠢᠭᠤᠯᠬᠤ ᠦᠢᠯᠡᠳᠦᠯ ᠦᠵᠡᠭᠦᠯᠵᠡᠢ ᠃

ᠠᠵᠢᠯᠯᠠᠭ᠎ᠠ ᠳ᠋ᠤ᠌᠂ 120 ᠡᠮᠴᠢᠯᠡᠭᠡᠨ ᠤ᠋ ᠲᠦᠷᠭᠡᠨ ᠠᠪᠤᠷᠠᠯᠲᠠ ᠵᠢᠨ ᠵᠢᠯᠤᠭᠣᠳᠬᠤ ᠲᠥᠪ ᠤ᠋ᠨ ᠠᠵᠢᠯᠲᠠᠨ ᠰᠤᠷᠭᠠᠭᠤᠯᠢ ᠵᠢᠨ ᠬᠦᠷᠢᠶᠡᠨ ᠤ᠋ ᠬᠡᠷᠡᠭ ᠤ᠋ᠨ ᠵᠢᠱ᠌ᠢᠶ᠎ᠡ ᠲᠡᠢ ᠤᠶᠠᠯᠳᠤᠭᠤᠯᠤᠨ᠂ ᠣᠨᠣᠯ ᠤ᠋ᠨ ᠲᠠᠢᠯᠤᠮᠵᠢ᠂ ᠪᠣᠳᠠᠲᠤ ᠰᠣᠷᠢᠯᠲᠠ ᠵᠡᠷᠭᠡ ᠠᠷᠭ᠎ᠠ ᠭᠡᠯᠪᠡᠷᠢ ᠪᠡᠷ ᠭᠣᠣᠯ ᠪᠤᠯᠬᠤ ᠲᠦᠷᠭᠡᠨ ᠠᠪᠤᠷᠠᠯᠲᠠ ᠵᠢᠨ ᠮᠡᠳᠡᠯᠭᠡ ᠶ᠋ᠢ  ᠲᠡᠢ ᠲᠠᠢᠯᠪᠤᠷᠢᠯᠠᠪᠠ᠃ ᠡᠭᠦᠨ ᠤ᠋ ᠬᠠᠮᠲᠤ 120 ᠤᠲᠠᠰᠤ ᠬᠣᠯᠪᠣᠬᠤ ᠶᠠᠪᠤᠴᠠ ᠶ᠋ᠢ ᠭᠣᠣᠯᠳᠠᠯᠭ᠎ᠠ ᠲᠠᠢ ᠲᠠᠢᠯᠪᠤᠷᠢᠯᠠᠵᠤ᠂ ᠬᠡᠷᠡᠭ ᠡᠭᠦᠰᠦᠭᠰᠡᠨ ᠭᠠᠵᠠᠷ᠂ ᠰᠢᠷᠬᠠᠲᠤᠯ ᠤ᠋ᠨ ᠪᠠᠢᠳᠠᠯ᠂ ᠬᠠᠷᠢᠯᠴᠠᠬᠤ ᠠᠷᠭ᠎ᠠ ᠵᠡᠷᠭᠡ ᠭᠣᠣᠯ ᠮᠡᠳᠡᠭᠡ ᠵᠠᠩᠭᠢ ᠶ᠋ᠢ ᠲᠣᠳᠣᠷᠬᠠᠢ ᠲᠠᠢᠯᠪᠤᠷᠢᠯᠠᠵᠤ᠂ ᠮᠡᠳᠡᠭᠡ ᠵᠠᠩᠭᠢ ᠪᠠᠯᠠᠷᠬᠠᠢ ᠡᠴᠡ ᠪᠣᠯᠵᠤ ᠲᠦᠷᠭᠡᠨ ᠠᠪᠤᠷᠠᠯᠲᠠ ᠵᠢᠨ ᠠᠵᠢᠯᠯᠠᠭ᠎ᠠ ᠬᠣᠢᠰᠢᠯᠠᠬᠤ ᠡᠴᠡ ᠵᠠᠢᠯᠠᠰᠭᠢᠵᠠᠢ; ᠵᠢᠷᠤᠭ ᠥᠰᠥᠭ ᠢ᠋ ᠬᠠᠷᠢᠴᠠᠭᠤᠯᠬᠤ ᠪᠠᠷ ᠳᠠᠮᠵᠢᠨ᠂ ᠵᠢᠷᠤᠮᠵᠢᠬ᠍ᠰᠠᠨ ᠲᠦᠷᠭᠡᠨ ᠠᠪᠤᠷᠠᠯᠳᠠ ᠵᠢᠨ ᠲᠡᠷᠭᠡᠨ ᠤ᠋ ᠰᠢᠨᠵᠢ ᠲᠡᠮᠳᠡᠭ ᠣᠨᠴᠠᠯᠢᠭ᠋᠂ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠴᠢ ᠠᠵᠢᠯᠲᠠᠨ ᠤ᠋ ᠬᠢᠷᠢ ᠭᠡᠮ ᠤ᠋ᠨ ᠱᠠᠭᠠᠷᠳᠠᠯᠭ᠎ᠠ ᠶ᠋ᠢ ᠨᠠᠷᠢᠨ ᠲᠣᠳᠣᠷᠬᠠᠢ ᠲᠠᠢᠯᠪᠤᠷᠢᠯᠠᠨ ᠥᠭᠴᠡᠢ᠃

ᠲᠦᠷᠭᠡᠨ ᠠᠪᠤᠷᠠᠯᠲᠠ ᠵᠢᠨ ᠮᠡᠳᠡᠯᠭᠡ ᠶ᠋ᠢ ᠰᠤᠷᠭᠠᠭᠤᠯᠢ ᠵᠢᠨ ᠬᠦᠷᠢᠶᠡᠨ ᠳ᠋ᠦ᠍ ᠣᠷᠣᠭᠤᠯᠬᠤ ᠠᠵᠢᠯᠯᠠᠭ᠎ᠠ ᠶ᠋ᠢ ᠥᠷᠨᠢᠭᠦᠯᠬᠦ ᠨᠢ ᠴᠢᠬᠤᠯᠠ ᠠᠴᠢ ᠬᠣᠯᠪᠣᠭᠳᠠᠯ ᠲᠠᠢ ᠪᠥᠭᠡᠳ ᠰᠤᠷᠤᠬ᠍ᠴᠢᠳ ᠢ᠋ ᠬᠠᠪᠰᠤᠷᠤᠨ ᠥᠪᠡᠷ ᠢ᠋ ᠪᠡᠨ ᠠᠪᠤᠷᠠᠬᠤ ᠪᠠ ᠬᠠᠷᠢᠯᠴᠠᠨ ᠠᠪᠤᠷᠠᠬᠤ ᠦᠨᠳᠦᠰᠦᠨ ᠴᠢᠳᠠᠪᠤᠷᠢ ᠶ᠋ᠢ ᠨᠢ ᠡᠵᠡᠮᠰᠢᠭᠦᠯᠵᠦ᠂ ᠵᠠᠩᠭᠢᠯᠠᠭ᠎ᠠ ᠵᠢᠨ ᠮᠥᠴᠡ ᠳ᠋ᠦ᠍ ᠠᠮᠢ ᠨᠠᠰᠤ ᠶ᠋ᠢ ᠠᠪᠤᠷᠠᠬᠤ ᠡᠷᠬᠢᠮ ᠨᠠᠨᠳᠢᠨ ᠴᠠᠭ ᠢ᠋ ᠲᠡᠮᠡᠴᠡᠨ ᠣᠯᠬᠤ ᠤᠬᠠᠮᠰᠠᠷ ᠢ᠋ ᠨᠢ ᠳᠡᠭᠡᠭᠰᠢᠯᠡᠭᠦᠯᠭᠦ ᠪᠣᠯᠣᠨ᠎ᠠ᠃

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            