ᠣᠳᠣᠬᠠᠨ᠎ᠳᠤ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ ᠨᠢ ᠪᠢᠲᠡᠭᠦᠮᠵᠢᠯᠡᠯᠲᠡ᠎ᠶᠢᠨ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠵᠤ ᠂ ᠪᠢᠲᠡᠭᠦᠮᠵᠢᠯᠡᠯᠲᠡ᠎ᠶᠢᠨ ᠣᠷᠳᠣ᠌ ᠨᠢ ᠦᠷᠭᠦᠯᠵᠢᠯᠡᠨ ᠨᠡᠮᠡᠭᠳᠡᠵᠦ ᠪᠠᠢᠨ᠎ᠠ᠃ ᠤᠯᠤᠰ᠎ᠤᠨ ᠦᠶᠡᠷ᠎ᠢ ᠰᠡᠷᠭᠡᠢᠯᠡᠬᠦ ᠶᠡᠷᠦᠩᠬᠡᠢ ᠵᠢᠯᠤᠭᠣᠳᠬᠤ ᠭᠠᠵᠠᠷ᠎ᠤᠨ ᠠᠵᠢᠯ᠎ᠤᠨ ᠲᠣᠬᠢᠷᠠᠭᠤᠯᠤᠯᠲᠠ ᠶᠣᠰᠣᠭᠠᠷ᠂ 12 ᠰᠠᠷ᠎ᠠ᠎ᠶᠢᠨ 17 ᠤ ᠡᠳᠦᠷ᠎ᠡᠴᠡ 19 ᠦ ᠡᠳᠦᠷ ᠪᠣᠯᠲᠠᠯ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠳᠡᠳ᠋ ᠰᠠᠢᠳ ᠪᠥᠭᠡᠳ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠴᠧᠨ ᠮᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠂ ᠤᠰᠤᠨ ᠠᠰᠢᠭ᠍ᠯᠠᠯᠲᠠ᠎ᠶᠢᠨ ᠶᠠᠮᠤᠨ ᠂ ᠬᠠᠳᠤᠨ ᠭᠣᠣᠯ᠎ᠤᠨ ᠦᠶᠡᠷ᠎ᠢ ᠰᠡᠷᠭᠡᠢᠯᠡᠬᠦ ᠶᠡᠷᠦᠩᠬᠡᠢ ᠵᠢᠯᠤᠭᠣᠳᠬᠤ ᠭᠠᠵᠠᠷ᠎ᠢᠶᠠᠷ ᠪᠦᠷᠢᠯᠳᠦᠭᠰᠡᠨ ᠤᠯᠤᠰ᠎ᠤᠨ ᠦᠶᠡᠷ᠎ᠢ ᠰᠡᠷᠭᠡᠢᠯᠡᠬᠦ ᠶᠡᠷᠦᠩᠬᠡᠢ ᠵᠢᠯᠤᠭᠣᠳᠬᠤ ᠭᠠᠵᠠᠷ᠎ᠤᠨ ᠠᠵᠢᠯᠯᠠᠬᠤ ᠳᠤᠭᠤᠢᠯᠠᠩ᠎ᠢ ᠳᠠᠭᠠᠭᠤᠯᠤᠨ ᠥᠪᠥᠷ ᠮᠣᠩᠭᠣᠯ᠎ᠳᠤ ᠬᠦᠷᠴᠦ ᠬᠠᠳᠤᠨ ᠭᠣᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ ᠠᠵᠢᠯ᠎ᠢ ᠬᠠᠪᠰᠤᠷᠤᠨ ᠵᠢᠯᠣᠭᠣᠳᠪᠠ᠃ ᠠᠵᠢᠯᠯᠠᠬᠤ ᠳᠤᠭᠤᠢᠯᠠᠩ ᠥᠪᠥᠷ ᠮᠣᠩᠭᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ ᠨᠢᠭᠡᠳᠦᠭᠡᠷ ᠹᠷᠣᠨᠲ᠎ᠲᠤ ᠭᠦᠨᠵᠡᠭᠡᠢᠷᠡᠪᠡ᠂ ᠬᠠᠲᠤᠨ ᠭᠣᠣᠯ᠎ᠤᠨ ᠬᠠᠰᠢᠯᠭ᠎ᠠ ᠳᠠᠯᠠᠩ᠎ᠤᠨ ᠠᠶᠤᠯᠲᠤ ᠪᠠᠷᠢᠯᠭ᠎ᠠ ᠂ ᠭᠣᠣᠯ᠎ᠤᠨ ᠵᠠᠮ᠎ᠢ ᠵᠠᠰᠠᠬᠤ ᠪᠠᠷᠢᠯᠭ᠎ᠠ ᠂ ᠪᠠᠴᠢᠮ ᠪᠠᠢᠳᠠᠯ᠎ᠢ ᠠᠷᠭᠠᠴᠠᠭᠠᠬᠤ ᠦᠶᠡᠷ ᠰᠠᠯᠭᠠᠬᠤ ᠣᠷᠣᠨ᠎ᠤ ᠰᠥᠩ ᠬᠠᠯᠢᠶ᠎ᠠ᠎ᠶᠢ ᠰᠡᠷᠭᠡᠢᠯᠡᠬᠦ ᠪᠡᠯᠡᠳᠬᠡᠯ ᠵᠢᠴᠢ ᠨᠠᠭᠤᠷ᠎ᠤᠨ ᠭᠠᠮᠰᠢᠭ᠋᠎ᠤᠨ ᠳᠠᠷᠠᠭᠠᠬᠢ ᠳᠠᠬᠢᠨ ᠪᠦᠲᠦᠭᠡᠨ ᠪᠠᠢᠭᠤᠯᠤᠯᠲᠠ ᠪᠠ ᠭᠠᠮᠰᠢᠭ᠍ᠳᠠᠭᠰᠠᠨ ᠣᠯᠠᠨ ᠲᠦᠮᠡᠨ᠎ᠢ ᠲᠥᠪᠬᠢᠨᠡᠭᠦᠯᠬᠦ ᠠᠵᠢᠯ᠎ᠤᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ ᠂ ᠰᠥᠩ ᠬᠠᠯᠢᠶ᠎ᠠ᠎ᠶᠢ ᠰᠡᠷᠭᠡᠢᠯᠡᠬᠦ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ ᠂ ᠲᠠᠩ ᠭᠠᠵᠠᠷ᠎ᠤᠨ ᠰᠠᠢᠷᠭᠠᠯᠢ ᠰᠡᠷᠭᠡᠢᠯᠡᠬᠦ ᠠᠵᠢᠯ᠎ᠢ ᠲᠡᠭᠦᠯᠳᠡᠷᠵᠢᠭᠦᠯᠦᠨ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ᠂ ᠳᠠᠯᠠᠢ᠎ᠶᠢᠨ ᠲᠠᠩ᠎ᠤᠨ ᠣᠷᠣᠨ᠎ᠤ ᠬᠥᠮᠥᠰ᠎ᠢ ᠨᠡᠭᠦᠯᠭᠡᠨ ᠲᠥᠪᠬᠢᠨᠡᠭᠦᠯᠬᠦ ᠵᠡᠷᠭᠡ ᠰᠦᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠪᠠᠢᠳᠠᠯ᠂ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢᠯᠡᠬᠦ ᠵᠢᠯᠤᠭᠣᠳᠬᠤ ᠭᠠᠵᠠᠷ ᠵᠢᠴᠢ ᠬᠣᠯᠪᠣᠭᠳᠠᠯ ᠪᠦᠬᠦᠢ ᠬᠣᠲᠠ ᠰᠢᠶᠠᠨ᠎ᠤ ᠬᠠᠷᠢᠭᠤᠴᠠᠯᠭᠠᠲᠠᠨ ᠨᠥᠬᠥᠳ᠎ᠲᠠᠢ ᠰᠠᠨᠠᠯ᠎ᠢᠶᠠᠨ ᠰᠣᠯᠢᠯᠴᠠᠵᠤ᠂ ᠰᠦᠩ ᠬᠠᠯᠢᠶ᠎ᠠ᠎ᠶᠢ ᠰᠡᠷᠭᠡᠢᠯᠡᠬᠦ ᠠᠮᠤᠷ᠎ᠢ ᠬᠠᠮᠠᠭᠠᠯᠠᠬᠤ ᠠᠵᠢᠯ᠎ᠳᠤ ᠪᠣᠳᠠᠲᠠᠢ ᠱᠠᠭᠠᠷᠳᠠᠯᠭ᠎ᠠ ᠳᠤᠷᠠᠳᠪᠠ᠃
ᠠᠵᠢᠯᠯᠠᠬᠤ ᠳᠤᠭᠤᠢᠯᠠᠩ᠎ᠠᠴᠠ ᠵᠢᠭᠠᠵᠤ ᠭᠠᠷᠭᠠᠭᠰᠠᠨ ᠨᠢ ᠂ ᠬᠠᠲᠤᠨ ᠭᠣᠣᠯ᠎ᠤᠨ ᠰᠥᠩ ᠬᠠᠯᠢᠶ᠎ᠠ ᠦᠶᠡᠷ᠎ᠦᠨ ᠭᠠᠮᠰᠢᠭ᠋ ᠭᠡᠨᠡᠳᠲᠡ ᠡᠭᠦᠰᠬᠦ ᠴᠢᠨᠠᠷ᠎ᠢᠶᠠᠷ ᠴᠢᠩᠭ᠎ᠠ ᠂ ᠲᠥᠰᠥᠭᠡᠯᠡᠬᠦ᠎ᠳᠦ ᠬᠦᠴᠢᠷ ᠂ ᠰᠡᠷᠭᠡᠢᠯᠡᠬᠦ᠎ᠳᠦ ᠬᠦᠴᠢᠷ ᠪᠠᠢᠳᠠᠭ ᠂ ᠥᠪᠥᠷ ᠮᠣᠩᠭᠣᠯ᠎ᠤᠨ ᠭᠣᠣᠯ᠎ᠤᠨ ᠬᠡᠰᠡᠭ ᠪᠣᠯ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠮᠥᠨ ᠂ ᠣᠢᠷ᠎ᠠ᠎ᠶᠢᠨ ᠵᠢᠯ᠎ᠳᠦ ᠣᠨᠴᠠᠭᠠᠶ ᠴᠠᠭ ᠠᠭᠤᠷ ᠣᠯᠠᠨᠲᠠ ᠡᠭᠦᠰᠬᠦ ᠨᠢ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠬᠦᠴᠢᠷᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠪᠡ᠃ ᠡᠯ᠎ᠡ ᠱᠠᠲᠤᠨ᠎ᠤ ᠰᠡᠷᠭᠡᠢᠯᠡᠬᠦ ᠵᠢᠯᠤᠭᠣᠳᠬᠤ ᠭᠠᠵᠠᠷ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠷᠠᠳ ᠲᠦᠮᠡᠨ᠎ᠢ ᠳᠡᠭᠡᠳᠦᠯᠡᠬᠦ ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ ᠂ ᠬᠣᠷᠢᠭ᠎ᠠ ᠱᠤᠭᠤᠮ᠎ᠤᠨ ᠰᠡᠳᠬᠢᠬᠦᠢ ᠂ ᠲᠤᠢᠯᠰᠢᠷᠠᠯ᠎ᠤᠨ ᠰᠡᠳᠬᠢᠬᠦᠢ᠎ᠶᠢ ᠪᠠᠲᠤ ᠪᠤᠢ ᠪᠣᠯᠭᠠᠵᠤ ᠂ ᠰᠦᠩ ᠬᠠᠯᠢᠶ᠎ᠠ᠎ᠶᠢ ᠰᠡᠷᠭᠡᠢᠯᠡᠬᠦ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠵᠤ ᠂ ᠬᠠᠳᠤᠨ ᠭᠣᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠠᠵᠢᠯᠯᠠᠬᠤ ᠳᠤᠭᠤᠢᠯᠠᠩ᠎ᠤᠨ ᠬᠢᠨ ᠂ ᠰᠥᠩ ᠬᠠᠯᠢᠶ᠎ᠠ᠎ᠶᠢ ᠰᠡᠷᠭᠡᠢᠯᠡᠬᠦ ᠬᠠᠷᠢᠭᠤᠴᠠᠯᠭ᠎ᠠ᠎ᠶᠢᠨ ᠳᠦᠷᠢᠮ᠎ᠢ ᠦᠨᠡᠨ ᠬᠦ᠌ ᠨᠠᠢᠳᠠᠪᠤᠷᠢᠵᠢᠭᠤᠯᠵᠤ ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠠᠷᠢᠶ᠎ᠠ ᠭᠠᠵᠠᠷ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ ᠂ ᠠᠵᠢᠯ ᠲᠥᠷᠥᠯ᠎ᠦᠨ ᠰᠠᠯᠠᠭ᠎ᠠ ᠮᠥᠴᠢᠷ᠎ᠦᠨ ᠬᠢᠨᠠᠨ ᠬᠠᠮᠢᠶᠠᠷᠴᠤ ᠵᠢᠯᠤᠭᠣᠳᠬᠤ ᠬᠠᠷᠢᠭᠤᠴᠠᠯᠭ᠎ᠠ ᠪᠣᠯᠣᠨ ᠦᠶᠡᠷ᠎ᠢ ᠰᠡᠷᠭᠡᠢᠯᠡᠬᠦ ᠪᠠᠷᠢᠯᠭ᠎ᠠ᠎ᠶᠢᠨ ᠲᠣᠭᠣᠷᠢᠨ ᠪᠠᠢᠴᠠᠭᠠᠵᠤ ᠰᠡᠷᠭᠡᠢᠯᠡᠨ ᠰᠠᠬᠢᠬᠤ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ ᠬᠡᠷᠡᠭᠲᠡᠢ᠃ ᠰᠥᠩ ᠬᠠᠯᠢᠶ᠎ᠠ᠎ᠶᠢ ᠰᠡᠷᠭᠡᠢᠯᠡᠬᠦ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠦᠷᠭᠦᠯᠵᠢᠯᠡᠨ ᠲᠡᠭᠦᠯᠳᠡᠷᠵᠢᠭᠦᠯᠵᠦ ᠂ ᠠᠶᠤᠯ᠎ᠠᠴᠠ ᠠᠪᠤᠷᠠᠨ ᠰᠢᠯᠵᠢᠭᠦᠯᠬᠦ ᠂ ᠠᠶᠤᠯ᠎ᠠᠴᠠ ᠵᠠᠢᠯᠠᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ ᠂ ᠪᠡᠯᠡᠳᠬᠡᠯ ᠲᠥᠰᠥᠯ᠎ᠦᠨ ᠪᠣᠯᠪᠠᠰᠤᠷᠠᠯ ᠪᠣᠯᠣᠨ ᠪᠣᠳᠠᠲᠤ ᠳᠠᠶ᠋ᠢᠨ᠎ᠦ ᠰᠣᠷᠢᠯᠲᠠ᠎ᠶᠢ ᠴᠢᠩᠭᠠᠳᠬᠠᠬᠤ ᠬᠡᠷᠡᠭᠲᠡᠢ᠃ ᠠᠶᠤᠯ᠎ᠠᠴᠠ ᠠᠪᠤᠷᠠᠨ ᠲᠤᠰᠠᠯᠠᠬᠤ ᠪᠡᠯᠡᠳᠬᠡᠯ᠎ᠢ ᠤᠷᠢᠳᠴᠢᠯᠠᠨ ᠰᠠᠢᠲᠤᠷ ᠬᠢᠵᠦ ᠂ ᠬᠠᠰᠢᠯᠭ᠎ᠠ ᠳᠠᠯᠠᠩ᠎ᠢ ᠴᠠᠭᠳᠠᠨ ᠪᠠᠢᠴᠠᠭᠠᠬᠤ ᠠᠵᠢᠯ᠎ᠢ ᠴᠢᠩᠭᠠᠳᠬᠠᠵᠤ ᠂ ᠠᠶᠤᠯ᠎ᠠᠴᠠ ᠠᠪᠤᠷᠠᠬᠤ ᠡᠳ᠋ ᠪᠣᠳᠠᠰ᠎ᠢ ᠭᠦᠢᠴᠡᠳ ᠪᠡᠯᠡᠳᠬᠡᠵᠦ ᠂ ᠠᠶᠤᠯ᠎ᠠᠴᠠ ᠠᠪᠤᠷᠠᠬᠤ ᠡᠩᠨᠡᠭᠡ᠎ᠶᠢ ᠤᠷᠢᠳᠴᠢᠯᠠᠨ ᠪᠡᠯᠡᠳᠬᠡᠵᠦ ᠂ ᠠᠶᠤᠯ ᠲᠦᠭᠰᠢᠭᠦᠷᠢ᠎ᠶᠢ ᠡᠷᠲᠡ ᠢᠯᠡᠷᠡᠭᠦᠯᠵᠦ ᠡᠷᠲᠡ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃