ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠬᠢᠮᠢ ᠵᠢᠨ ᠠᠵᠤ ᠦᠢ᠍ᠯᠡᠳᠪᠦᠷᠢ ᠵᠢᠨ ᠲᠣᠭᠣᠷᠢᠭ᠎ᠤᠨ ᠠᠮᠤᠷ ᠲᠦᠪᠰᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠰᠬᠠᠶ ᠮᠡᠷᠭᠡᠵᠢᠯᠲᠡᠨ᠎ᠤ ᠵᠢᠯᠣᠭᠣᠳᠣᠯᠭ᠎ᠠ ᠦᠢ᠍ᠯᠡᠴᠢᠯᠡᠭᠡ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-07-21

    ᠠᠶᠤᠯ ᠥᠬᠡᠶ ᠦᠢ᠍ᠯᠡᠳᠪᠦᠷᠢᠯᠡᠯ ᠦ᠋᠊ᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ ᠦ᠋᠊ᠨ ᠠᠵᠢᠯᠯᠠᠭ᠋ᠠᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠬᠢᠮᠢ ᠵᠢᠨ ᠠᠵᠤ ᠦᠢ᠍ᠯᠡᠳᠪᠦᠷᠢ ᠵᠢᠨ ᠲᠣᠭᠣᠷᠢᠭ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠰᠬᠠᠶ ᠮᠡᠷᠭᠡᠵᠢᠯᠲᠡᠨ᠎ᠤ ᠵᠢᠭ᠋ᠠᠨ ᠵᠢᠯᠣᠭᠣᠳᠴᠤ ᠦᠢ᠍ᠯᠡᠴᠢᠯᠡᠬᠦ ᠠᠵᠢᠯ᠎ᠢ ᠥᠷᠨᠢᠭᠦᠯᠪᠡ᠃      ᠦᠢ᠍ᠯᠡᠴᠢᠯᠡᠭᠡᠨ᠎ᠤ ᠠᠵᠢᠯ᠎ᠢ ᠵᠢᠯᠣᠭᠣᠳᠴᠤ 《ᠠᠰᠠᠭᠤᠳᠠᠯ᠎ᠢ ᠪᠠᠶ᠋ᠢᠴᠠᠭ᠋ᠠᠬᠤ》 ᠪᠠ 《ᠵᠢᠭ᠋ᠠᠬᠤ ᠠᠷᠭ᠎ᠠ》 ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠎ᠠ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠮᠠᠭ᠋ᠠᠳᠯᠠᠨ ᠲᠣᠭᠲᠠᠭ᠋ᠠᠯᠲᠠ ᠵᠢᠨ ᠲᠣᠭᠣᠷᠢᠨ᠎ᠳᠤ᠂ ᠭᠠᠵᠠᠷ ᠰᠣᠩᠭᠣᠬᠤ ᠵᠢᠴᠢ ᠲᠥᠯᠥᠪᠵᠢᠭᠦᠯᠬᠦ᠂ ᠬᠦᠷᠢᠶᠡᠯᠡᠩ ᠲᠣᠭᠣᠷᠢᠭ᠎ᠤᠨ ᠳᠣᠲᠣᠷᠠᠬᠢ ᠪᠠᠶ᠋ᠢᠷᠢᠯᠠᠭᠤᠯᠤᠯᠲᠠ᠂ ᠣᠷᠣᠬᠤ ᠪᠠ ᠭᠠᠷᠬᠤ᠂ ᠢᠵᠢ ᠪᠦᠷᠢᠳᠦᠭᠦᠯᠬᠦ ᠴᠢᠳᠠᠮᠵᠢ ᠵᠢᠨ ᠲᠥᠬᠥᠭᠡᠷᠦᠮᠵᠢ᠂ ᠠᠶᠤᠯᠭᠦᠶ ᠦᠢ᠍ᠯᠡᠳᠪᠦᠷᠢᠯᠡᠯ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠵᠡᠷᠭᠡ 6 ᠶᠡᠬᠡ ᠡᠯᠧᠮᠧᠨ᠋ᠲ 36 ᠵᠦᠢ᠍ᠯ ᠦ᠋᠊ᠨ ᠦᠨᠡᠯᠡᠯᠲᠡ ᠵᠢᠨ ᠠᠭᠤᠯᠭ᠎ᠠ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠦᠬᠦᠯᠢ ᠴᠣᠭᠴᠠ ᠵᠢᠨ ᠴᠢᠨᠠᠷᠲᠠᠶ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ᠂ ᠲᠥᠷᠥᠯ ᠵᠦᠢ᠍ᠯ᠎ᠢ ᠠᠮᠤᠷ ᠲᠦᠪᠰᠢᠨ ᠵᠶ᠋ᠡᠷ ᠵᠥᠪᠰᠢᠶᠡᠷᠡᠨ ᠣᠷᠣᠭᠤᠯᠬᠤ᠂ ᠪᠢᠲᠡᠭᠦᠮᠵᠢᠯᠡᠭᠰᠡᠨ ᠬᠠᠮᠢᠶᠠᠷᠤᠯᠲᠠ᠂ ᠬᠢᠮᠢ ᠵᠢᠨ ᠠᠵᠤ ᠦᠢ᠍ᠯᠡᠳᠪᠦᠷᠢ ᠵᠢᠨ ᠠᠮᠤᠷ ᠲᠦᠪᠰᠢᠨ᠎ᠤ ᠮᠡᠷᠭᠡᠵᠢᠯ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠣᠶᠤᠨᠴᠢᠯᠠᠨ ᠬᠠᠮᠢᠶᠠᠷᠤᠨ ᠡᠵᠡᠮᠳᠡᠬᠦ ᠲᠠᠪᠴᠠᠩ ᠵᠡᠷᠭᠡ ᠭᠤᠤᠯᠳᠠᠯᠭ᠎ᠠ᠎ᠲᠠᠢ ᠠᠭᠤᠯᠭ᠎ᠠ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠂ ᠳᠤᠲᠠᠭᠳᠠᠯ     ᠂ ᠲᠤᠬᠠᠶ ᠵᠢᠨ ᠲᠠᠯᠠᠪᠠᠢ᠎ᠳᠤ ᠬᠠᠮᠢᠶᠠᠷᠤᠯᠲᠠ ᠵᠢᠨ ᠠᠵᠢᠯᠲᠠᠨ᠎ᠲᠠᠢ ᠶᠠᠷᠢᠯᠴᠠᠬᠤ ᠬᠤᠷᠠᠯ  ᠪᠣᠳᠠᠲᠠᠶ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠵᠢᠯᠣᠭᠣᠳᠬᠤ ᠰᠠᠨᠠᠯ  ᠃     

    ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠢᠩᠬᠢᠮ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ 4 ᠠᠵᠢᠯᠲᠠᠨ᠎ᠢ ᠲᠣᠮᠢᠯᠠᠵᠤ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠤ ᠬᠦᠷᠢᠶᠡᠨ᠎ᠤ 28 ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ᠂ 3 ᠵᠢᠯᠣᠭᠣᠳᠬᠤ ᠦᠢ᠍ᠯᠡᠴᠢᠯᠡᠭᠡᠨ᠎ᠤ ᠠᠵᠢᠯ᠎ᠤᠨ ᠳᠤᠭᠤᠶ᠋ᠢᠯᠠᠩ᠎ᠢ ᠪᠦᠷᠢᠯᠳᠦᠭᠦᠯᠵᠦ ᠡᠯ᠎ᠡ ᠭᠠᠵᠠᠷ᠎ᠲᠤ ᠣᠴᠢᠭᠤᠯᠪᠠ᠂ ᠣᠳᠣᠬᠠᠨ᠎ᠳᠤ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠶ ᠬᠣᠲᠠ ᠵᠡᠷᠭᠡ ᠭᠠᠵᠠᠷ᠎ᠤᠨ 9 ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠵᠢᠯᠣᠭᠣᠳᠬᠤ ᠦᠢ᠍ᠯᠡᠴᠢᠯᠡᠭᠡ ᠵᠢ ᠨᠢᠭᠡᠨᠲᠡ ᠪᠡᠶᠡᠯᠡᠭᠦᠯᠪᠡ᠃

    7 ᠳ᠋ᠤᠭ᠋ᠠᠷ ᠰᠠᠷ᠎ᠠ ᠵᠢᠨ 14 ᠎ᠤ ᠡᠳᠦᠷ᠂ ᠵᠢᠯᠣᠭᠣᠳᠤᠨ ᠦᠢ᠍ᠯᠡᠴᠢᠯᠡᠬᠦ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠵᠤ᠂ ᠲᠤᠰᠬᠠᠶ ᠮᠡᠷᠭᠡᠵᠢᠯᠲᠡᠨ ᠤᠷᠢᠵᠤ ᠡᠯ᠎ᠡ ᠬᠦᠷᠢᠶᠡᠯᠡᠩ ᠲᠣᠭᠣᠷᠢᠭ᠎ᠤᠨ ᠵᠢᠯᠣᠭᠣᠳᠤᠨ ᠦᠢ᠍ᠯᠡᠴᠢᠯᠡᠬᠦ ᠠᠵᠢᠯ᠎ᠤᠨ ᠮᠡᠳᠡᠭᠦᠯᠦᠯᠲᠡ ᠵᠢ ᠬᠢᠨᠠᠨ ᠲᠣᠭᠲᠠᠭ᠋ᠠᠵᠤ᠂ ᠠᠵᠢᠯ᠎ᠤᠨ ᠳᠤᠮᠳᠠᠬᠢ ᠬᠦᠷᠦᠯᠴᠡᠬᠦ ᠥᠬᠡᠶ ᠲᠠᠯ᠎ᠠ ᠪᠠ ᠠᠯᠳᠠᠰᠢ ᠵᠢ ᠶᠠᠷᠢᠯᠴᠠᠵᠤ᠂ ᠵᠢᠯᠣᠭᠣᠳᠤᠨ ᠦᠢ᠍ᠯᠡᠴᠢᠯᠡᠬᠦ ᠪᠠᠷᠢᠮᠵᠢᠶ᠎ᠠ ᠵᠢ ᠤᠯᠠᠮ ᠨᠢᠭᠡ ᠠᠯᠬᠤᠮ ᠨᠢᠭᠡᠳᠬᠡᠵᠦ᠂ ᠵᠢᠯᠣᠭᠣᠳᠬᠤ ᠰᠠᠨᠠᠯ᠎ᠤᠨ ᠴᠢᠭᠯᠡᠭᠦᠯᠦᠯᠲᠦ ᠴᠢᠨᠠᠷ ᠪᠠ ᠲᠤᠰᠬᠠᠶ ᠮᠡᠷᠭᠡᠵᠢᠯ ᠦ᠋᠊ᠨ ᠴᠢᠨᠠᠷ᠎ᠢ ᠴᠢᠩᠭ᠋ᠠᠳᠬᠠᠪᠠ᠃

    ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠢᠩᠬᠢᠮ ᠦ᠋᠊ᠨ ᠳᠡᠳ᠋ ᠳᠠᠷᠤᠭ᠎ᠠ ᠰᠢᠶᠤᠤ ᠳ᠋ᠠᠨ ᠦᠢ᠍ᠯᠡᠴᠢᠯᠡᠭᠡᠨ᠎ᠤ ᠠᠵᠢᠯ᠎ᠢ ᠵᠢᠭ᠋ᠠᠨ ᠵᠢᠯᠣᠭᠣᠳᠬᠤ᠎ᠳᠤ ᠣᠷᠣᠯᠴᠠᠬᠤ᠎ᠳᠠᠭᠠᠨ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠮᠤᠷ ᠲᠦᠪᠰᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠨᠢᠭᠡᠨᠲᠡ ᠭᠦᠨ ᠤᠰᠤᠨ᠎ᠤ ᠣᠷᠣᠨ᠎ᠳᠤ ᠣᠷᠣᠵᠤ᠂ ᠵᠢᠭ᠋ᠠᠨ ᠵᠢᠯᠣᠭᠣᠳᠴᠤ ᠦᠢ᠍ᠯᠡᠴᠢᠯᠡᠬᠦ ᠠᠵᠢᠯ᠎ᠤᠨ ᠳᠤᠭᠤᠶ᠋ᠢᠯᠠᠩ᠎ᠤᠨ᠎ᠬᠢᠨ ᠠᠵᠢᠯ᠎ᠤᠨ ᠪᠠᠷᠢᠮᠵᠢᠶ᠎ᠠ ᠵᠢ ᠪᠠᠭᠤᠷᠠᠭᠤᠯᠬᠤ ᠥᠬᠡᠶ᠂ ᠵᠢᠭ᠋ᠠᠨ ᠵᠢᠯᠣᠭᠣᠳᠬᠤ ᠰᠠᠨᠠᠭᠤᠯᠭ᠎ᠠ ᠵᠢ ᠬᠥᠪᠥᠭᠦᠯᠬᠦ ᠥᠬᠡᠶ᠂ ᠠᠵᠢᠯ᠎ᠤᠨ ᠰᠤᠷᠲᠠᠯ᠎ᠢ ᠬᠥᠪᠥᠭᠦᠯᠬᠦ ᠥᠬᠡᠶ ᠪᠠᠶ᠋ᠢᠬᠤ ᠵᠢ ᠪᠠᠷᠢᠮᠲᠠᠯᠠᠵᠤ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠱᠠᠭ᠋ᠠᠷᠳᠠᠯᠭ᠎ᠠ ᠪᠣᠯᠤᠨ ᠬᠦᠷᠢᠶᠡᠯᠡᠩ ᠲᠣᠭᠣᠷᠢᠭ᠎ᠤᠨ ᠪᠣᠳᠠᠲᠠᠶ ᠨᠠᠶ᠋ᠢᠳᠠᠪᠤᠷᠢᠵᠢᠭᠤᠯᠤᠯᠲᠠ ᠵᠢ ᠬᠣᠯᠪᠣᠬᠤ ᠬᠥᠭᠥᠷᠭᠡ ᠵᠢ ᠰᠠᠶ᠋ᠢᠲᠤᠷ ᠬᠢᠵᠦ᠂ ᠦᠨᠡᠨ᠎ᠠᠴᠠ ᠵᠥᠪ᠎ᠢ ᠡᠷᠢᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠠᠶ᠋ᠢᠨ ᠠᠷᠭ᠎ᠠ ᠭᠠᠷᠭ᠋ᠠᠬᠤ ᠬᠡᠷᠡᠭᠲᠡᠶ᠃ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠨᠢ 《ᠠᠮᠤᠷ ᠲᠦᠪᠰᠢᠨ ᠵᠶ᠋ᠡᠷ ᠬᠥᠭᠵᠢᠯᠲᠡ ᠵᠢ ᠪᠠᠲᠤᠯᠠᠬᠤ᠂ ᠬᠦᠷᠢᠶᠡᠯᠡᠩ ᠲᠣᠭᠣᠷᠢᠭ᠎ᠨᠢ ᠬᠥᠭᠵᠢᠯᠲᠡ ᠵᠢ ᠠᠬᠢᠭᠤᠯᠬᠤ》 ᠣᠨᠣᠯᠵᠢᠬᠤᠨ᠎ᠢ ᠤᠯᠠᠮ ᠨᠢᠭᠡ ᠠᠯᠬᠤᠮ ᠪᠠᠲᠤ ᠪᠣᠶ ᠪᠣᠯᠭ᠋ᠠᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠬᠦᠷᠢᠶᠡᠯᠡᠩ ᠲᠣᠭᠣᠷᠢᠭ᠎ᠤᠨ ᠬᠥᠭᠵᠢᠨ ᠪᠤᠵᠠᠭ᠋ᠠᠶ᠋ᠢᠷᠬᠠᠤ ᠵᠢᠨ ᠪᠦᠲᠦᠮᠵᠢᠲᠡᠶ ᠭᠠᠷᠳᠠᠴᠠ ᠪᠣᠯᠭ᠋ᠠᠨ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠵᠦ᠂ ᠡᠯ᠎ᠡ ᠰᠠᠯᠠᠭ᠎ᠠ ᠮᠥᠴᠢᠷ᠎ᠨᠢ ᠪᠦᠬᠦᠯᠢ ᠴᠣᠭᠴᠠ᠎ᠪᠠᠷ ᠵᠶ᠋ᠠᠨ ᠬᠠᠮᠵᠢᠯᠴᠠᠨ ᠬᠠᠮᠲᠤ᠎ᠪᠠᠷ ᠳᠡᠭᠡᠭᠰᠢᠯᠡᠵᠦ᠂ ᠪᠥᠬᠥ ᠣᠷᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ ᠦ᠋᠊ᠨ ᠥᠷᠨᠢᠨ ᠬᠥᠭᠵᠢᠬᠦ᠎ᠳᠤ ᠪᠠᠲᠤ ᠪᠠᠬᠢ ᠰᠠᠭᠤᠷᠢ ᠵᠢ ᠴᠣᠭᠴᠠᠯᠠᠵᠤ ᠥᠭᠬᠦ ᠬᠡᠷᠡᠭᠲᠡᠶ᠃

ᠢᠷᠡᠯᠲᠡ᠄          
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢᠷ᠎ᠠ ᠵᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠪᠡ
ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠶ ᠵᠢᠯᠣᠭᠣᠳᠬᠤ ᠭᠠᠵᠠᠷ᠎ᠤᠨ ᠠᠯᠪᠠᠨ ᠭᠡᠷ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ ᠦᠶᠡᠷ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠤ ᠦᠶᠡᠷ ᠤᠰᠤᠲᠤᠯ ᠲᠠᠶ᠋ᠢᠹᠧᠩ ᠰᠠᠯᠬᠢ ᠵᠢ ᠰᠡᠷᠭᠡᠶ᠋ᠢᠯᠡᠨ ᠠᠷᠭ᠋ᠠᠴᠠᠬᠤ ᠠᠵᠢᠯ ᠎ᠢ ᠪᠠᠶ᠋ᠢᠷᠢᠯᠠᠭᠤᠯᠪᠠ
ᠨᠡᠶ᠋ᠢᠭᠡᠮ ᠦ᠋᠊ᠨ ᠪᠠᠴᠢᠮ ᠪᠠᠶ᠋ᠢᠳᠠᠯ᠎ᠢ ᠠᠷᠭ᠋ᠠᠴᠠᠬᠤ ᠬᠦᠴᠦᠨ ᠰᠢᠷᠦᠭᠦᠨ ᠪᠣᠷᠣᠭ᠋ᠠᠨ ᠎ᠤ ᠠᠶᠤᠯ᠎ᠠᠴᠠ ᠠᠪᠤᠷᠠᠬᠤ᠎ᠳᠤ ᠪᠦᠬᠦ ᠬᠦᠴᠦᠨ ᠵᠶ᠋ᠡᠷ ᠵᠶ᠋ᠡᠨ ᠲᠤᠰᠠᠯᠠᠪᠠ
ᠥᠪᠥᠷ ᠮᠣᠩᠭᠣᠯ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠠᠬᠢᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠵᠤ ᠪᠣᠶ
 
            