ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢᠷ᠎ᠠ ᠵᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-07-08

    7 ᠰᠠᠷ᠎ᠠ ᠵᠢᠨ 5᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠣᠢᠷ᠎ᠠ ᠵᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠵᠢ ᠤᠯᠠᠮᠵᠢᠯᠠᠨ ᠰᠤᠷᠤᠯᠴᠠᠵᠦ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ ᠃ᠬᠤᠷᠠᠯ᠎ᠠᠴᠠ 6 ᠰᠠᠷ᠎ᠠ ᠵᠢᠨ 30᠎ᠤ ᠡᠳᠦᠷ᠎ᠤᠨ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠤᠨ ᠵᠣᠷᠢᠭ᠋ ᠰᠠᠨᠠᠭ᠎ᠠ ᠵᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠪᠣᠳᠠᠲᠠᠢ ᠵᠢ ᠡᠷᠬᠢᠮᠯᠡᠨ ᠥᠨᠳᠥᠷ ᠪᠦᠲᠦᠮᠵᠢᠲᠡᠢ ᠪᠠᠢᠬᠤ ᠵᠠᠷᠴᠢᠮ ᠵᠶ᠋ᠠᠷ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ ᠵᠢᠨ ᠪᠠᠢᠭᠤᠯᠤᠯᠲᠠ ᠂ ᠲᠤᠰᠢᠶᠠᠯ ᠬᠠᠷᠢᠭᠤᠴᠠᠯᠭ᠎ᠠ ᠪᠠ ᠠᠵᠢᠯᠯᠠᠭᠠᠨ᠎ᠢ ᠴᠢᠨᠠᠭᠰᠢᠳᠠ ᠵᠢᠷᠤᠮᠵᠢᠭᠤᠯᠵᠤ ᠂ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ ᠵᠢᠨ ᠴᠢᠬᠤᠯᠠ ᠶᠡᠬᠡ ᠠᠵᠢᠯ᠎ᠳᠠᠬᠢ ᠦᠵᠦ ᠲᠥᠯᠥᠪᠯᠡᠭᠡ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠂ ᠪᠦᠬᠦᠯᠢ ᠴᠣᠭᠴᠠ᠎ᠪᠠᠷ ᠠᠬᠢᠭᠤᠯᠬᠤ ᠂ ᠱᠠᠯᠠᠪᠳᠠᠭᠤᠯᠤᠨ ᠨᠠᠢᠳᠠᠪᠤᠷᠢᠵᠢᠭᠤᠯᠬᠤ ᠡᠭᠦᠷᠭᠡ ᠴᠢᠳᠠᠪᠬᠢ ᠵᠢᠨ ᠦᠢᠯᠡᠳᠦᠯ᠎ᠢ ᠰᠠᠢᠲᠤᠷ ᠪᠠᠳᠠᠷᠠᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠣᠷᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠠᠬᠢᠭᠤᠯᠬᠤ ᠵᠢᠨ ᠴᠢᠬᠤᠯᠠ ᠴᠢᠨᠠᠷ ᠪᠣᠯᠣᠨ ᠵᠠᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠵᠤ ᠂ ᠰᠤᠷᠲᠠᠯ᠎ᠢ ᠠᠳᠬᠤᠬᠤ᠎ᠠᠴᠠ ᠭᠠᠷᠳᠠᠵᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢᠷᠡᠭᠦᠯᠦᠨ ᠬᠥᠭᠵᠢᠭᠦᠯᠬᠦ ᠵᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠠᠢᠭᠠᠳ ᠤᠨᠤᠯ ᠵᠶ᠋ᠠᠷ ᠵᠡᠪᠰᠡᠭᠯᠡᠬᠦ ᠵᠢ ᠴᠢᠩᠭᠠᠳᠬᠠᠵᠤ ᠂ ᠡᠷᠡᠰ ᠪᠠᠲᠤ ᠨᠠᠮᠴᠢ ᠴᠢᠨᠠᠷ᠎ᠢ ᠳᠠᠪᠲᠠᠨ ᠪᠤᠯᠪᠠᠰᠤᠷᠠᠭᠤᠯᠵᠤ ᠂ ᠠᠷᠠᠳ᠎ᠤᠨ ᠲᠥᠯᠥᠭᠡ ᠭᠡᠬᠦ ᠬᠠᠢᠷ᠎ᠠ ᠰᠡᠳᠬᠢᠯᠭᠡ ᠵᠢ ᠵᠤᠵᠠᠭᠠᠳᠬᠠᠵᠤ ᠂ ᠨᠠᠮ᠎ᠤᠨ ᠵᠣᠬᠢᠶᠠᠨ ᠪᠠᠢᠭᠤᠯᠤᠯᠲᠠ ᠵᠢᠨ ᠬᠥᠮᠦᠵᠢᠯ ᠪᠣᠯᠣᠨ ᠡᠯ᠎ᠡ ᠲᠠᠯ᠎ᠠ ᠵᠢᠨ ᠬᠢᠨᠠᠯᠲᠠ ᠵᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ ᠃ ᠡᠷᠬᠡ ᠵᠢᠨ ᠠᠵᠢᠯᠯᠠᠭᠠᠨ᠎ᠢ ᠵᠢᠷᠤᠮᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ ᠂ ᠭᠣᠣᠯᠳᠠᠯᠭ᠎ᠠ᠎ᠲᠠᠢ ᠬᠦᠷᠢᠶ᠎ᠡ ᠵᠢᠴᠢ ᠤᠯᠠᠨ ᠲᠦᠮᠡᠨ᠎ᠤ ᠳᠡᠷᠭᠡᠳᠡᠬᠢ ᠢᠯᠵᠢᠷᠡᠯ᠎ᠤᠨ ᠠᠰᠠᠭᠤᠳᠠᠯ᠎ᠢ ᠴᠢᠩᠭ᠎ᠠ ᠠᠩᠬᠠᠷᠴᠤ ᠂ ᠡᠷᠬᠡ ᠵᠢᠨ ᠠᠵᠢᠯᠯᠠᠭᠠᠨ᠎ᠤ ᠳᠤᠲᠠᠭᠳᠠᠯ᠎ᠢ ᠭᠦᠨᠵᠡᠭᠡᠢ ᠡᠷᠢᠵᠦ ᠂ ᠳᠦᠷᠢᠮ᠎ᠤᠨ ᠳᠤᠲᠠᠭᠤᠳᠠᠯ᠎ᠢ ᠲᠦᠷᠭᠡᠨ ᠨᠥᠬᠥᠪᠦᠷᠢᠯᠡᠬᠦ ᠬᠡᠷᠡᠭᠲᠡᠢ ᠃ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠪᠠᠷᠢᠮᠲᠠᠯᠠᠵᠤ ᠂ ᠬᠢᠨᠠᠯᠲᠠ ᠲᠠᠯᠪᠢᠬᠤ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠡᠷᠴᠢᠮ ᠵᠶ᠋ᠡᠨ ᠴᠢᠩᠭᠠᠷᠠᠭᠤᠯᠵᠤ ᠂ ᠲᠡᠮᠦᠷ ᠶᠣᠰᠣ᠌ ᠳᠦᠷᠢᠮ᠎ᠢ ᠬᠤᠷᠴᠠ ᠴᠢᠩᠭ᠎ᠠ ᠪᠤᠯᠭᠠᠬᠤ ᠬᠡᠷᠡᠭᠲᠡᠢ ᠃ ᠭᠣᠣᠯ ᠴᠣᠭᠴᠠ ᠵᠢᠨ ᠬᠠᠷᠢᠭᠤᠴᠠᠯᠭ᠎ᠠ ᠂ ᠬᠢᠨᠠᠯᠲᠠ ᠲᠠᠯᠪᠢᠬᠤ ᠬᠠᠷᠢᠭᠤᠴᠠᠯᠭ᠎ᠠ ᠂ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ ᠂ 《 ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ 》 ᠵᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ ᠂ ᠨᠠᠮ᠎ᠢ ᠬᠠᠮᠢᠶᠠᠷᠴᠤ ᠨᠠᠮ᠎ᠢ ᠵᠠᠰᠠᠬᠤ ᠱᠠᠭᠠᠷᠳᠠᠯᠭ᠎ᠠ ᠪᠣᠯᠣᠨ ᠳᠠᠷᠤᠯᠲᠠ ᠵᠢ ᠱᠠᠲᠤ ᠱᠠᠲᠤ᠎ᠪᠠᠷ ᠳᠠᠮᠵᠢᠭᠤᠯᠬᠤ ᠬᠡᠷᠡᠭᠲᠡᠢ ᠃ ᠲᠥᠪ᠎ᠤᠨ ᠨᠠᠢᠮᠠᠨ ᠲᠣᠭᠲᠠᠭᠠᠯ᠎ᠤᠨ ᠵᠣᠷᠢᠭ᠋ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠴᠢᠩᠭ᠎ᠠ ᠠᠳᠬᠤᠵᠤ ᠠᠰᠠᠭᠤᠳᠠᠯ᠎ᠢ ᠪᠠᠢᠴᠠᠭᠠᠨ ᠳᠡᠯᠭᠡᠵᠦ ᠴᠡᠭᠴᠡᠯᠡᠨ ᠰᠠᠢᠵᠢᠷᠠᠭᠤᠯᠵᠤ᠂ ᠰᠤᠷᠲᠠᠯ᠎ᠤᠨ ᠪᠠᠢᠭᠤᠯᠤᠯᠲᠠ ᠵᠢ ᠪᠠᠢᠩᠭᠤᠵᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ ᠂ ᠰᠤᠷᠤᠯᠴᠠᠯᠭ᠎ᠠ ᠬᠥᠮᠦᠵᠢᠯ᠎ᠢ ᠰᠠᠢᠨ ᠵᠶ᠋ᠠᠷ ᠡᠬᠢᠯᠡᠭᠦᠯᠵᠦ ᠰᠠᠢᠨ ᠵᠶ᠋ᠠᠷ ᠲᠡᠭᠦᠰᠬᠡᠵᠦ ᠂ ᠪᠣᠳᠠᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

    ᠬᠤᠷᠠᠯ᠎ᠠᠴᠠ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠵᠢᠷᠭᠤᠳᠤᠭᠠᠷ ᠤᠳᠠᠭ᠎ᠠ ᠵᠢᠨ ᠬᠤᠷᠠᠯ᠎ᠤᠨ ᠵᠣᠷᠢᠭ᠋ ᠰᠠᠨᠠᠭ᠎ᠠ ᠵᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠬᠤ ᠵᠢ ᠰᠠᠢᠲᠤᠷ ᠠᠳᠬᠤᠬᠤ ᠬᠡᠷᠡᠭᠲᠡᠢ ᠃ 《 ᠲᠠᠪᠤ ᠵᠢ ᠨᠢᠭᠡᠳᠬᠡᠬᠦ ᠂ ᠨᠢᠭᠡ ᠵᠢ ᠨᠡᠭᠡᠭᠡᠬᠦ 》 ᠦᠨᠳᠦᠰᠦᠨ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ ᠂ ᠰᠢᠨ᠎ᠡ ᠡᠨᠧᠷᠭᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠠᠵᠤ ᠠᠬᠤᠢᠯᠠᠯ᠎ᠤᠨ ᠳᠣᠣᠷ᠎ᠠ ᠦᠨ᠎ᠡ᠎ᠪᠠᠷ ᠡᠮᠬᠢ ᠵᠢᠷᠤᠮ ᠦᠭᠡᠢ ᠥᠷᠢᠰᠦᠯᠳᠦᠬᠦ ᠵᠢ ᠬᠠᠤᠯᠢ ᠲᠣᠭᠲᠠᠭᠠᠯ ᠶᠣᠰᠣᠭᠠᠷ ᠵᠠᠰᠠᠬᠤ ᠬᠡᠷᠡᠭᠲᠡᠢ ᠃ ᠬᠠᠷᠠᠭ᠎ᠠ᠎ᠪᠠᠨ ᠥᠷᠭᠡᠳᠬᠡᠵᠦ ᠂ 《 ᠳᠠᠯᠠᠢ ᠲᠠᠩᠭᠢᠰ᠎ᠤᠨ ᠠᠵᠤ ᠠᠬᠤᠢ》 ᠵᠢ ᠠᠰᠢᠭ᠍ᠯᠠᠬᠤ ᠨᠡᠭᠡᠭᠡᠯᠲᠡ ᠬᠢᠬᠦ ᠰᠢᠨ᠎ᠡ ᠠᠷᠭ᠎ᠠ ᠵᠠᠮ᠎ᠢ ᠰᠠᠨᠠᠭᠠᠴᠢᠯᠠᠭ᠎ᠠ᠎ᠠᠴᠠ᠎ᠪᠠᠨ ᠡᠷᠢᠯᠬᠢᠯᠡᠵᠦ ᠂ ᠨᠡᠭᠡᠭᠡᠯᠲᠡ ᠵᠢᠨ ᠲᠦᠪᠰᠢᠨ ᠵᠶ᠋ᠡᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ 《 ᠦᠨᠡᠨ 》 ᠰᠡᠳᠬᠦᠯ᠎ᠳᠤ ᠨᠡᠢᠲᠡᠯᠡᠭᠰᠡᠨ ᠶᠡᠷᠦᠩᠬᠡᠢ ᠱᠦᠵᠢ ᠰᠢ ᠵᠢᠨ ᠫᠢᠩ᠎ᠤᠨ 《 ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠲᠡᠦᠬᠡ ᠵᠢᠨ ᠠᠭᠤᠤ ᠦᠢᠯᠡᠰ᠎ᠢ ᠡᠭᠦᠳᠦᠨ ᠪᠦᠲᠦᠭᠡᠬᠦ ᠵᠠᠢᠯᠠᠰᠢ ᠦᠭᠡᠢ ᠵᠠᠮ ᠮᠥᠨ 》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠭᠦ ᠲᠠᠯ᠎ᠠ᠎ᠪᠠᠷ ᠭᠦᠨᠵᠡᠭᠡᠢ ᠲᠤᠭᠤᠰᠢᠯᠠᠭᠤᠯᠵᠤ ᠂ ᠪᠦᠭᠦ ᠣᠷᠣᠨ᠎ᠤ 2400 ᠲᠦᠮᠡᠨ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠂ ᠪᠦᠯᠬᠦᠮᠳᠡᠨ ᠲᠡᠮᠡᠴᠡᠵᠦ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠨᠡᠩ ᠤᠯᠠᠨ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠢᠬᠤ ᠵᠢ ᠳᠠᠢᠴᠢᠯᠠᠬᠤ ᠬᠡᠷᠡᠭᠲᠡᠢ ᠃ ᠨᠠᠮ᠎ᠤᠨ ᠭᠡᠰᠢᠭᠦᠨ ᠺᠠᠳ᠋ᠷ᠎ᠤᠨ ᠬᠥᠮᠦᠵᠢᠯ᠎ᠢ ᠴᠢᠩᠭᠠᠳᠬᠠᠵᠤ ᠂ 《 ᠨᠠᠮ᠎ᠤᠨ ᠠᠴᠢ᠎ᠳᠤ ᠲᠠᠯᠠᠷᠬᠠᠬᠤ ᠂ ᠨᠠᠮ᠎ᠤᠨ ᠦᠭᠡ ᠵᠢ ᠰᠣᠨᠣᠰᠬᠤ ᠂ ᠨᠠᠮ ᠵᠶ᠋ᠠᠨ ᠳᠠᠭᠠᠬᠤ 》 ᠣᠯᠠᠨ ᠲᠦᠮᠡᠨᠴᠢ ᠬᠥᠮᠦᠵᠢᠯ᠎ᠢ ᠪᠠᠢᠩᠭᠤ ᠥᠷᠨᠢᠭᠦᠯᠵᠦ ᠂ ᠣᠷᠣᠨ ᠳᠠᠶᠠᠭᠠᠷ ᠵᠶ᠋ᠡᠨ 《 ᠵᠢᠷᠭᠤᠭᠠᠨ ᠥᠭᠦᠯᠡᠪᠦᠷᠢ ᠦᠭᠡ ᠵᠢᠨ ᠪᠣᠳᠠᠲᠤ ᠶᠠᠪᠤᠳᠠᠯ ᠪᠠ ᠶᠣᠰᠣ᠌ ᠤᠴᠢᠷ 》᠎ᠢ ᠪᠠᠲᠤ ᠴᠡᠭᠡᠵᠢᠯᠡᠵᠦ ᠂ ᠵᠥᠪ ᠦᠨᠳᠦᠰᠦᠲᠡᠨ᠎ᠤ ᠦᠵᠡᠯᠲᠡ ᠵᠢ ᠪᠠᠲᠤ ᠪᠤᠶ ᠪᠤᠯᠭᠠᠬᠤ ᠵᠢ ᠬᠥᠲᠥᠯᠥᠨ ᠵᠢᠯᠤᠭᠣᠳᠬᠤ ᠬᠡᠷᠡᠭᠲᠡᠢ ᠃ ᠵᠥᠪ ᠴᠢᠭᠯᠡᠯ ᠵᠶ᠋ᠡᠷ ᠤᠷᠮᠠᠰᠢᠭᠤᠯᠬᠤ ᠪᠠ ᠡᠰᠡᠷᠭᠦ ᠴᠢᠭᠯᠡᠯ ᠵᠶ᠋ᠡᠷ ᠬᠢᠵᠠᠭᠠᠷᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ ᠂ ᠠᠷᠭ᠎ᠠ ᠪᠦᠭᠦᠨ᠎ᠢ ᠰᠦᠪᠡᠭᠴᠢᠯᠡᠵᠦ ᠪᠠᠢᠭᠠᠳ ᠡᠯ᠎ᠡ ᠱᠠᠲᠤ ᠢᠯᠠᠩᠭᠤᠶ᠎ᠠ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠭᠡᠰᠢᠭᠦᠨ ᠺᠠᠳ᠋ᠷ᠎ᠤᠨ ᠲᠡᠮᠡᠴᠡᠯ᠎ᠤᠨ ᠵᠣᠷᠢᠭ᠋ ᠰᠠᠨᠠᠭ᠎ᠠ ᠵᠢ ᠬᠥᠭᠵᠢᠭᠡᠵᠦ ᠂ ᠨᠡᠩ ᠰᠠᠢᠨ ᠵᠶ᠋ᠠᠷ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ ᠃

    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠣᠢᠷ᠎ᠠ ᠵᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠂ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ ᠵᠢ ᠤᠯᠠᠮᠵᠢᠯᠠᠨ ᠰᠤᠷᠤᠯᠴᠠᠵᠤ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠂ ᠵᠠᠯᠠᠭᠤᠴᠤᠳ᠎ᠤᠨ ᠠᠵᠢᠯ᠎ᠢ ᠰᠠᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ ᠬᠤᠷᠠᠯ᠎ᠠᠴᠠ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠢᠷᠡᠭᠦᠯᠬᠦ ᠬᠣᠯᠪᠣᠭᠳᠠᠯ ᠪᠦᠬᠦᠢ ᠪᠠᠢᠳᠠᠯ᠎ᠤᠨ ᠬᠠᠷᠢᠭᠤ ᠮᠡᠳᠡᠭᠦᠯᠦᠯᠲᠡ ᠵᠢ ᠠᠵᠢᠯ ᠲᠦᠷᠦᠯ ᠬᠤᠪᠢᠶᠠᠨ ᠰᠣᠨᠣᠰᠴᠤ ᠂ ᠦᠷ᠎ᠡ ᠳ᠋ᠦᠩ ᠵᠶ᠋ᠡᠷ ᠤᠳᠤᠷᠢᠳᠤᠮᠵᠢ ᠪᠤᠯᠭᠠᠬᠤ ᠵᠢ ᠴᠢᠩᠭᠠᠳᠬᠠᠵᠤ ᠂ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠪᠠᠢᠭᠠᠳ ᠥᠭᠡᠷᠡᠴᠢᠯᠡᠯᠲᠡ ᠵᠢᠨ ᠡᠭᠦᠷᠭᠡ ᠵᠢᠨ ᠨᠠᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ ᠃ ᠠᠵᠢᠯ᠎ᠤᠨ ᠠᠬᠢᠴᠠ᠎ᠪᠠᠨ ᠲᠦᠷᠭᠡᠳᠬᠡᠵᠦ ᠂ ᠥᠭᠡᠷᠡᠴᠢᠯᠡᠯᠲᠡ ᠵᠢᠨ 《 ᠬᠠᠭᠠᠰ ᠳᠤᠲᠠᠭᠤ ᠤᠷᠭᠢᠬ᠍ᠰᠠᠨ》 ᠪᠠᠷᠢᠯᠭ᠎ᠠ ᠵᠢ ᠲᠤᠢᠯᠪᠤᠷᠢᠲᠠᠢ ᠪᠠᠢᠴᠠᠭᠠᠬᠤ ᠡᠭᠦᠷᠭᠡ ᠵᠢ ᠡᠷᠲᠡᠬᠡᠨ ᠪᠦᠭᠦᠨ᠎ᠢ ᠳᠠᠭᠤᠰᠬᠠᠬᠤ ᠵᠢ ᠠᠬᠢᠭᠤᠯᠬᠤ ᠬᠡᠷᠡᠭᠲᠡᠢ ᠃ ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠎ᠨᠢ ᠴᠦ᠍ ᠥᠭᠡᠷᠡᠴᠢᠯᠡᠯᠲᠡ ᠪᠤᠯᠬᠤ ᠵᠢ ᠪᠠᠷᠢᠮᠲᠠᠯᠠᠵᠤ ᠂ ᠲᠥᠪ᠎ᠤᠨ ᠲᠣᠭᠣᠷᠢᠨ ᠪᠠᠢᠴᠠᠭᠠᠯᠲᠠ ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠬᠢᠨᠠᠨ ᠪᠠᠢᠴᠠᠭᠠᠯᠲᠠ ᠵᠡᠷᠭᠡ᠎ᠠᠴᠠ ᠵᠢᠭᠠᠵᠤ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠪᠠ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠵᠢ ᠨᠢᠭᠡᠳᠦᠯᠲᠡᠢ ᠲᠥᠯᠥᠪᠵᠢᠭᠦᠯᠵᠦ ᠂ ᠬᠣᠯᠪᠣᠭᠳᠠᠯ ᠪᠦᠬᠦᠢ ᠳᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠵᠢᠯ ᠵᠶ᠋ᠠᠨ ᠨᠡᠩ ᠰᠠᠢᠲᠤᠷ ᠰᠠᠢᠵᠢᠷᠠᠭᠤᠯᠤᠨ ᠂ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃   ᠬᠤᠷᠠᠯ᠎ᠠᠴᠠ 《 〈 ᠤᠰᠤ᠎ᠪᠠᠷ ᠳᠥᠷᠪᠡ ᠵᠢ ᠲᠣᠭᠲᠠᠭᠠᠬᠤ 〉 ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ 》᠎ᠢ ᠬᠢᠨᠠᠨ ᠵᠥᠪᠯᠡᠪᠡ ᠃

    ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ ᠃

ᠢᠷᠡᠯᠲᠡ᠄    
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠬᠢᠮᠢ ᠵᠢᠨ ᠠᠵᠤ ᠦᠢ᠍ᠯᠡᠳᠪᠦᠷᠢ ᠵᠢᠨ ᠲᠣᠭᠣᠷᠢᠭ᠎ᠤᠨ ᠠᠮᠤᠷ ᠲᠦᠪᠰᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠰᠬᠠᠶ ᠮᠡᠷᠭᠡᠵᠢᠯᠲᠡᠨ᠎ᠤ ᠵᠢᠯᠣᠭᠣᠳᠣᠯᠭ᠎ᠠ ᠦᠢ᠍ᠯᠡᠴᠢᠯᠡᠭᠡ ᠵᠢ ᠥᠷᠨᠢᠭᠦᠯᠪᠡ
 
            