ᠣᠶ᠋ᠢᠷ᠎ᠠ᠎ᠳᠤ᠂ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭᠠᠴᠠᠬᠤ ᠬᠠᠮᠢᠶᠠᠷᠤᠯᠲᠠ᠎ᠶᠢᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ᠎ᠶᠢᠨ ᠲᠣᠪᠴᠢᠶ᠎ᠠ᠎ᠶᠢᠨ ᠬᠠᠮᠲᠤᠷᠠᠨ ᠡᠷᠭᠢᠯᠡᠭᠰᠡᠨ 《ᠭᠠᠵᠠᠷ ᠬᠥᠳᠡᠯᠦᠯᠲᠡ᠎ᠶᠢᠨ ᠰᠡᠷᠡᠮᠵᠢᠯᠡᠭᠦᠯᠦᠯ᠎ᠢᠶᠠᠷ ᠲᠦᠮᠡᠨ ᠡᠷᠦᠬᠡ᠎ᠶᠢ ᠬᠠᠮᠠᠭᠠᠯᠠᠵᠤ ᠂ ᠰᠢᠨᠵᠢᠯᠡᠬᠦ ᠤᠬᠠᠭᠠᠨᠴᠢ᠎ᠪᠠᠷ ᠪᠠᠴᠢᠮ ᠪᠠᠶ᠋ᠢᠳᠠᠯ᠎ᠢ ᠠᠷᠭᠠᠴᠠᠭᠠᠵᠤ ᠠᠮᠤᠷ ᠲᠦᠪᠰᠢᠨ᠎ᠢ ᠪᠠᠲᠤᠯᠠᠬᠤ 》 ᠰᠢᠭᠤᠳ ᠨᠡᠪᠲᠡᠷᠡᠭᠦᠯᠭᠡ᠎ᠶᠢᠨ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭᠠᠴᠠᠬᠤ ᠬᠠᠮᠢᠶᠠᠷᠤᠯᠲᠠ᠎ᠶᠢᠨ ᠲᠢᠩᠬᠢᠮ᠎ᠤᠨ ᠸᠢᠳᠢᠣ᠋ ᠨᠣᠮᠧᠷ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ 《ᠡᠭᠦᠯᠡᠨ ᠳᠡᠭᠡᠷᠡᠬᠢ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ 》 ᠲᠠᠪᠴᠠᠩ᠎ᠳᠤ ᠵᠡᠷᠭᠡ᠎ᠪᠡᠷ ᠨᠡᠪᠲᠡᠷᠡᠭᠦᠯᠵᠦ ᠂ ᠣᠯᠠᠨ ᠨᠡᠶ᠋ᠢᠲᠡ᠎ᠳᠤ ᠭᠠᠵᠠᠷ ᠬᠥᠳᠡᠯᠦᠯᠲᠡ᠎ᠶᠢ ᠰᠡᠷᠭᠡᠶ᠋ᠢᠯᠡᠵᠦ ᠭᠠᠮᠰᠢᠭ᠋᠎ᠢ ᠪᠠᠭᠠᠰᠬᠠᠬᠤ ᠪᠠᠴᠢᠮ ᠪᠠᠶ᠋ᠢᠳᠠᠯ᠎ᠢ ᠠᠷᠭᠠᠴᠠᠬᠤ ᠮᠡᠳᠡᠯᠭᠡ᠎ᠶᠢ ᠲᠦᠭᠡᠮᠡᠯᠵᠢᠭᠦᠯᠵᠦ ᠂ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠮᠤᠷ ᠲᠦᠪᠰᠢᠨ᠎ᠤ ᠰᠡᠷᠭᠡᠶ᠋ᠢᠯᠡᠯᠲᠡ᠎ᠶᠢᠨ ᠱᠤᠭᠤᠮ᠎ᠢ ᠬᠠᠮᠲᠤ᠎ᠪᠠᠷ ᠪᠡᠬᠢᠵᠢᠭᠦᠯᠪᠡ

ᠠᠮᠢᠳᠤᠯᠢᠭ᠋ ᠣᠶ᠋ᠢᠯᠠᠭᠠᠮᠵᠢᠲᠠᠶ
ᠰᠢᠭᠤᠳ ᠨᠡᠪᠲᠡᠷᠡᠭᠦᠯᠭᠡ᠎ᠳᠤ ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ᠎ᠶᠢᠨ ᠲᠣᠪᠴᠢᠶ᠎ᠠ᠎ᠶᠢᠨ ᠳᠡᠭᠡᠳᠦ ᠵᠡᠷᠭᠡ᠎ᠶᠢᠨ ᠢᠨᠵᠧᠨᠧᠷ ᠯᠢᠦ ᠶᠢᠩ ᠭᠤᠤᠯ ᠲᠠᠶ᠋ᠢᠯᠪᠤᠷᠢᠯᠠᠭ᠍ᠴᠢ ᠪᠣᠯᠤᠭᠰᠠᠨ᠎ᠤ ᠬᠤᠪᠢ᠎ᠳᠤ ᠂ ᠡᠩ ᠲᠡᠷᠢᠭᠦᠨ᠎ᠳᠤ ᠭᠠᠵᠠᠷ ᠰᠢᠨᠵᠢᠯᠡᠭᠡᠨ᠎ᠤ ᠣᠨᠣᠯ᠎ᠤᠨ ᠲᠠᠯ᠎ᠠ᠎ᠠᠴᠠ ᠣᠯᠠᠨ ᠨᠡᠶ᠋ᠢᠲᠡ᠎ᠳᠤ ᠪᠥᠬᠥ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠲᠣᠭᠲᠠᠴᠠ ᠂ ᠭᠠᠵᠠᠷ ᠬᠥᠳᠡᠯᠦᠯᠲᠡ᠎ᠶᠢᠨ ᠬᠡᠰᠡᠭ᠎ᠤᠨ ᠲᠠᠷᠬᠠᠯᠲᠠ᠎ᠶᠢᠨ ᠪᠠᠶ᠋ᠢᠳᠠᠯ᠎ᠢ ᠲᠠᠶ᠋ᠢᠯᠪᠤᠷᠢᠯᠠᠪᠠ ᠃ ᠳᠠᠷᠠᠭ᠎ᠠ᠎ᠨᠢ ᠂ ᠭᠠᠵᠠᠷ ᠬᠥᠳᠡᠯᠦᠯᠲᠡ᠎ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠂ ᠠᠶᠤᠯ ᠲᠦᠭᠰᠢᠭᠦᠷᠢ᠎ᠶᠢ ᠲᠠᠨᠢᠵᠤ ᠠᠶᠤᠯ᠎ᠠᠴᠠ ᠵᠠᠶ᠋ᠢᠯᠠᠬᠤ ᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ ᠠᠭᠤᠯᠭ᠎ᠠ᠎ᠶᠢᠨ ᠲᠣᠭᠣᠷᠢᠨ᠎ᠳᠤ ᠂ ᠲᠠᠩᠱᠠᠨᠤ ᠭᠠᠵᠠᠷ ᠬᠥᠳᠡᠯᠦᠯᠲᠡ ᠂ ᠸᠸᠨᠴᠦᠸᠠᠨᠤ ᠭᠠᠵᠠᠷ ᠬᠥᠳᠡᠯᠦᠯᠲᠡ ᠂ ᠢᠦᠶ ᠱᠤ᠌ᠶᠢᠨ ᠭᠠᠵᠠᠷ ᠬᠥᠳᠡᠯᠦᠯᠲᠡ ᠵᠡᠷᠭᠡ ᠪᠣᠳᠠᠲᠠᠶ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠂ ᠭᠦᠨᠵᠡᠭᠡᠶ ᠲᠠᠶ᠋ᠢᠯᠤᠮᠵᠢ ᠬᠢᠪᠠ ᠃ ᠡᠭᠦᠨ᠎ᠤ ᠬᠠᠮᠲᠤ ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠺᠠᠷᠲ᠋ᠣᠨ ᠵᠢᠷᠤᠭ᠎ᠢᠶᠠᠷ ᠭᠠᠵᠠᠷ ᠬᠥᠳᠡᠯᠦᠯᠲᠡ ᠡᠭᠦᠰᠦᠭᠰᠡᠨ ᠰᠢᠯᠲᠠᠭᠠᠨ ᠂ ᠤᠷᠢᠳᠴᠢᠯᠠᠨ ᠰᠡᠷᠡᠮᠵᠢᠯᠡᠭᠦᠯᠬᠦ ᠣᠭ ᠶᠣᠰᠣ᠌ ᠂ ᠭᠠᠵᠠᠷ ᠬᠥᠳᠡᠯᠦᠯᠲᠡ᠎ᠶᠢᠨ ᠰᠡᠷᠭᠡᠶ᠋ᠢᠯᠡᠯᠲᠡ ᠪᠠᠢᠭᠤᠯᠬᠤ ᠵᠡᠷᠭᠡ ᠮᠡᠳᠡᠯᠭᠡ᠎ᠶᠢ ᠠᠮᠢᠳᠤᠯᠢᠭ᠋᠎ᠢᠶᠠᠷ ᠲᠠᠢᠯᠪᠤᠷᠢᠯᠠᠵᠤ ᠣᠯᠠᠨ ᠨᠡᠶ᠋ᠢᠲᠡ᠎ᠶᠢᠨ ᠭᠠᠵᠠᠷ ᠬᠥᠳᠡᠯᠦᠯᠲᠡ᠎ᠶᠢ ᠰᠡᠷᠭᠡᠶ᠋ᠢᠯᠡᠵᠦ ᠭᠠᠮᠰᠢᠭ᠋᠎ᠢ ᠪᠠᠭᠠᠰᠬᠠᠬᠤ ᠤᠬᠠᠮᠰᠠᠷ ᠪᠠ ᠪᠠᠴᠢᠮ ᠪᠠᠶ᠋ᠢᠳᠠᠯ᠎ᠢ ᠠᠷᠭᠠᠴᠠᠵᠤ ᠠᠶᠤᠯ᠎ᠠᠴᠠ ᠵᠠᠶ᠋ᠢᠯᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ ᠃
ᠦᠢᠯᠡᠳᠦᠯᠴᠡᠬᠦ ᠬᠠᠷᠢᠭᠤᠯᠲᠠ ᠣᠯᠠᠨ ᠬᠡᠮᠵᠢᠯᠳᠦ ᠪᠦᠷᠬᠦᠯᠲᠡ
ᠪᠦᠷᠢᠳᠬᠡᠯ᠎ᠢ ᠦᠨᠳᠦᠰᠦᠯᠡᠪᠡᠯ ᠂ ᠲᠣᠰ ᠤᠳᠠᠭᠠᠨ᠎ᠤ ᠰᠢᠭᠤᠳ ᠨᠡᠪᠲᠡᠷᠡᠭᠦᠯᠭᠡ᠎ᠳᠤ ᠨᠡᠶ᠋ᠢᠲᠡ 3 ᠲᠦᠮᠡ ᠭᠠᠷᠤᠶ ᠬᠥᠮᠦᠨ ᠤᠳᠠᠭ᠎ᠠ ᠰᠣᠨᠢᠷᠬᠠᠵᠤ ᠂ ᠮᠠᠭᠲᠠᠭᠠᠯ ᠰᠠᠶ᠋ᠢᠰᠢᠶᠠᠯ ᠬᠦᠷᠭᠡᠭᠰᠡᠨ ᠲᠣᠭ᠎ᠠ 6 . 2 ᠲᠦᠮᠡ ᠬᠦᠷᠴᠦ ᠂ ᠣᠯᠠᠨ ᠨᠡᠶ᠋ᠢᠲᠡ᠎ᠪᠠᠷ᠎ᠢᠶᠠᠨ ᠭᠠᠵᠠᠷ ᠬᠥᠳᠡᠯᠦᠯᠲᠡ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠨ᠎ᠠ ᠃ ᠡᠢᠮᠦᠷᠬᠦ ᠭᠠᠵᠠᠷ ᠬᠥᠳᠡᠯᠦᠯᠲᠡ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠶ᠋ᠢᠯᠤᠮᠵᠢ᠎ᠨᠢ ᠣᠯᠠᠨ ᠨᠡᠶ᠋ᠢᠲᠡ᠎ᠶᠢᠨ ᠣᠶ᠋ᠢᠯᠠᠭᠠᠬᠤ᠎ᠳᠤ ᠮᠠᠰᠢ ᠲᠣᠬᠢᠷᠠᠮᠵᠢᠲᠠᠶ ᠪᠠᠶ᠋ᠢᠵᠤ ᠂ ᠬᠠᠮᠢᠶ᠎ᠠ ᠪᠥᠬᠥᠶ ᠭᠠᠵᠠᠷ ᠬᠥᠳᠡᠯᠦᠯᠲᠡ᠎ᠶᠢᠨ ᠮᠡᠳᠡᠯᠭᠡ᠎ᠶᠢ ᠲᠠᠨᠢᠵᠤ ᠮᠡᠳᠡᠬᠦ ᠂ ᠬᠥᠮᠦᠰ᠎ᠤᠨ ᠭᠠᠵᠠᠷ ᠬᠥᠳᠡᠯᠦᠯᠲᠡ ᠡᠭᠦᠰᠬᠦ ᠦᠶ᠎ᠡ᠎ᠳᠤ ᠬᠡᠷᠬᠢᠨ ᠠᠶᠤᠯ᠎ᠠᠴᠠ ᠵᠠᠶ᠋ᠢᠯᠠᠵᠤ ᠠᠮᠢ ᠵᠢᠭᠤᠲᠠᠬᠤ ᠂ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠠᠰᠢᠭ᠍ᠲᠠᠶ ᠪᠠᠶ᠋ᠢᠳᠠᠭ ᠃
ᠢᠷᠡᠭᠡᠳᠦᠶ᠎ᠳᠤ ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭᠠᠴᠠᠬᠤ ᠬᠠᠮᠢᠶᠠᠷᠤᠯᠲᠠ᠎ᠶᠢᠨ ᠲᠢᠩᠬᠢᠮ ᠣᠯᠠᠨ ᠲᠠᠯ᠎ᠠ᠎ᠶᠢᠨ ᠬᠦᠴᠦᠨ᠎ᠲᠠᠢ ᠬᠠᠮᠲᠤᠷᠠᠨ ᠂ ᠣᠯᠠᠨ ᠬᠦᠷᠢᠶ᠎ᠡ ᠴᠠᠷᠠᠭ᠎ᠠ ᠂ ᠣᠯᠠᠨ ᠠᠵᠢᠯ ᠲᠥᠷᠥᠯ᠎ᠤᠨ ᠰᠢᠯᠢᠳᠡᠭ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠶᠢ ᠥᠷᠨᠢᠭᠦᠯᠵᠦ ᠂ ᠣᠯᠠᠨ ᠨᠡᠶ᠋ᠢᠲᠡ᠎ᠳᠤ ᠰᠢᠨᠵᠢᠯᠡᠬᠦ ᠤᠬᠠᠭᠠᠨ᠎ᠤ ᠮᠡᠳᠡᠯᠭᠡ ᠬᠦᠷᠲᠡᠬᠦ ᠳᠥᠭᠥᠮ ᠳᠥᠲᠡ ᠲᠠᠪᠴᠠᠩ᠎ᠢ ᠪᠠᠶ᠋ᠢᠭᠤᠯᠤᠨ ᠥᠭᠴᠦ ᠂ ᠪᠥᠬᠥ ᠠᠷᠠᠳ᠎ᠤᠨ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ ᠪᠠ ᠪᠠᠴᠢᠮ ᠪᠠᠶ᠋ᠢᠳᠠᠯ᠎ᠢ ᠠᠷᠭᠠᠴᠠᠭᠠᠨ ᠠᠶᠤᠯ᠎ᠠᠴᠠ ᠵᠠᠶ᠋ᠢᠯᠠᠬᠤ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠵᠦ ᠂ ᠭᠠᠮᠰᠢᠭ᠋᠎ᠢ ᠰᠡᠷᠭᠡᠶ᠋ᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠬᠠᠤ ᠨᠡᠶ᠋ᠢᠭᠡᠮ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠪᠠ ᠃