ᠱᠠᠨᠳᠦ᠋ᠩ᠎ᠦᠨ ᠶᠧᠦ ᠳ᠋ᠣᠣ ᠬᠢᠮᠢ᠎ᠶᠢᠨ ᠬᠢᠵᠠᠭᠠᠷᠲᠤ ᠺᠣᠮᠫᠠᠨᠢ᠎ᠶᠢᠨ 《 527 》᠎ᠤ ᠬᠦᠨᠳᠦ ᠶᠡᠬᠡ ᠳᠡᠯᠪᠡᠷᠡᠯᠲᠡ᠎ᠶᠢᠨ ᠡᠨᠳᠡᠯ᠎ᠡᠴᠡ ᠭᠦᠨᠵᠡᠭᠡᠢ ᠰᠤᠷᠭᠠᠮᠵᠢ ᠂ ᠨᠢᠲᠷᠤᠵᠢᠭ᠍ᠰᠠᠨ ᠠᠵᠤ ᠠᠬᠤᠢᠯᠠᠯ᠎ᠤᠨ ᠬᠦᠨᠳᠦ ᠶᠡᠬᠡ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ᠎ᠶᠢᠨ ᠲᠥᠯᠥᠭᠡ ᠂ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢᠨ ᠲᠣᠬᠢᠷᠠᠭᠤᠯᠤᠯᠲᠠ ᠶᠣᠰᠣᠭᠠᠷ ᠂ ᠪᠠᠴᠢᠮ ᠪᠠᠢᠳᠠᠯ᠎ᠢ ᠬᠠᠮᠢᠶᠠᠷᠤᠯᠲᠠ᠎ᠶᠢᠨ ᠶᠠᠮᠤᠨ ᠣᠢᠷ᠎ᠠ᠎ᠶᠢᠨ ᠡᠳᠦᠷ 2025 ᠣᠨ᠎ᠤ ᠨᠢᠲᠷᠤᠵᠢᠭ᠍ᠰᠠᠨ ᠠᠵᠤ ᠠᠬᠤᠢᠯᠠᠯ᠎ᠤᠨ ᠠᠮᠤᠷ ᠲᠦᠪᠰᠢᠨ᠎ᠦ ᠲᠤᠰᠬᠠᠢ ᠮᠡᠷᠭᠡᠵᠢᠯᠲᠡᠨ᠎ᠦ ᠵᠢᠯᠣᠭᠣᠳᠤᠯᠭ᠎ᠠ ᠦᠢᠯᠡᠴᠢᠯᠡᠭᠡ᠎ᠶᠢ ᠡᠬᠢᠯᠡᠭᠦᠯᠪᠡ᠃
ᠲᠣᠰ ᠤᠳᠠᠭᠠᠨ᠎ᠤ ᠲᠤᠰᠬᠠᠢ ᠮᠡᠷᠭᠡᠵᠢᠯᠲᠡᠨ᠎ᠦ ᠵᠢᠯᠣᠭᠣᠳᠤᠯᠭ᠎ᠠ ᠦᠢᠯᠡᠴᠢᠯᠡᠭᠡ ᠨᠢ ᠡᠨᠳᠡᠯ᠎ᠦᠨ ᠢᠯᠡᠷᠡᠭᠦᠯᠦᠭᠰᠡᠨ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠠᠵᠤ ᠠᠬᠤᠢᠯᠠᠯ᠎ᠢ ᠬᠠᠪᠰᠤᠷᠤᠨ ᠮᠡᠷᠭᠡᠵᠢᠯ᠎ᠦᠨ ᠢᠷᠡᠯᠲᠡ ᠂ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠦᠨᠡᠯᠡᠨ ᠂ ᠲᠤᠬᠠᠢ᠎ᠶᠢᠨ ᠲᠠᠯᠠᠪᠠᠶ᠎ᠶᠢᠨ ᠠᠵᠢᠯᠲᠠᠨ᠎ᠤ ᠲᠣᠭ᠎ᠠ ᠬᠡᠮᠵᠢᠶ᠎ᠡ᠎ᠶᠢ ᠬᠢᠵᠠᠭᠠᠷᠯᠠᠬᠤ ᠪᠠ ᠭᠠᠳᠠᠨᠠᠬᠢ ᠠᠮᠤᠷ ᠲᠦᠪᠰᠢᠨ᠎ᠦ ᠰᠡᠷᠭᠡᠢᠯᠡᠯᠲᠡ᠎ᠶᠢᠨ ᠵᠠᠢ ᠵᠡᠷᠭᠡ 10 ᠲᠠᠯ᠎ᠠ᠎ᠶᠢᠨ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠭᠣᠣᠯᠳᠠᠯᠭ᠎ᠠ᠎ᠲᠠᠢ ᠳᠠᠷᠠᠭᠠᠯᠠᠨ ᠪᠠᠢᠴᠠᠭᠠᠪᠠ; ᠡᠮᠦᠨᠡᠬᠢ ᠬᠤᠭᠤᠴᠠᠭᠠᠨ᠎ᠤ ᠠᠵᠤ ᠠᠬᠤᠢᠯᠠᠯ᠎ᠤᠨ ᠥᠪᠡᠰᠦᠪᠡᠨ ᠪᠠᠢᠴᠠᠭᠠᠭᠰᠠᠨ ᠪᠠ ᠮᠤᠵᠢ᠎ᠶᠢᠨ ᠱᠠᠲᠤᠨ᠎ᠤ ᠳᠠᠬᠢᠨ ᠬᠢᠨᠠᠭᠰᠠᠨ ᠪᠠᠢᠳᠠᠯ᠎ᠲᠠᠢ ᠤᠶᠠᠯᠳᠤᠭᠤᠯᠤᠨ ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠭᠰᠠᠨ ᠂ ᠨᠢᠭᠡ᠎ᠡᠴᠡ ᠵᠦᠢᠴᠢᠯᠡᠨ ᠨᠥᠭᠥᠭᠡ᠎ᠶᠢ ᠮᠡᠳᠡᠭᠰᠡᠨ ᠪᠠᠢᠳᠠᠯ᠎ᠢ ᠨᠤᠲᠠᠯᠠᠵᠤ ᠂ ᠠᠵᠤ ᠠᠬᠤᠢᠯᠠᠯ᠎ᠢ ᠵᠢᠯᠤᠭᠣᠳᠴᠤ ᠪᠠᠢᠭᠠᠳ 《 ᠬᠤᠳᠠᠯ ᠬᠠᠭᠤᠷᠮᠠᠭ᠎ᠢᠶᠠᠷ ᠦᠨᠡᠯᠡᠨ ᠵᠢᠱ᠌ᠢᠬᠦ ᠂ ᠬᠤᠳᠠᠯ ᠬᠠᠭᠤᠷᠮᠠᠭ᠎ᠢᠶᠠᠷ ᠥᠭᠡᠷᠡᠴᠢᠯᠡᠬᠦ ᠂ ᠬᠤᠳᠠᠯ ᠬᠠᠭᠤᠷᠮᠠᠭ᠎ᠢᠶᠠᠷ ᠬᠥᠮᠥᠨ ᠬᠠᠰᠤᠬᠤ 》᠎ᠶᠢ ᠰᠡᠷᠭᠡᠢᠯᠡᠬᠦ ᠬᠡᠷᠡᠭᠲᠡᠢ; 《ᠬᠣᠴᠤᠷᠤᠩᠭᠤᠢ ᠠᠶᠤᠯᠲᠠᠢ ᠬᠢᠮᠢ ᠵᠢᠨ ᠪᠣᠳᠠᠰ᠎ᠢ ᠰᠢᠯᠢᠭᠳᠡᠭᠦᠯᠬᠦ ᠠᠶᠤᠯᠭᠦᠢ ᠦᠢᠯᠡᠳᠪᠦᠷᠢᠯᠡᠯ ᠦ᠋᠊ᠨ ᠮᠡᠷᠭᠡᠵᠢᠯ ᠤᠨ ᠲᠣᠨᠣᠭ ᠲᠥᠬᠦᠭᠡᠷᠦᠮᠵᠢ ᠵᠢᠨ ᠭᠠᠷᠴᠠᠭ (ᠬᠣᠶᠠᠳᠤᠭᠠᠷ ᠪᠦᠯᠦᠭ)᠎ᠳᠤ ᠵᠢᠭ᠍ᠰᠠᠭᠠᠨ ᠣᠷᠣᠭᠤᠯᠤᠭᠰᠠᠨ ᠨᠢᠲᠷᠤᠵᠢᠬ᠍ᠰᠠᠨ ᠲᠣᠨᠣᠭᠯᠠᠯ᠎ᠢ ᠰᠢᠨᠡᠳᠬᠡᠨ ᠥᠭᠡᠷᠡᠴᠢᠯᠡᠬᠦ᠎ᠪᠠᠷ ᠭᠣᠣᠯᠳᠠᠯᠭ᠎ᠠ ᠪᠣᠯᠭᠠᠵᠤ ᠂ ᠠᠵᠤ ᠠᠬᠤᠢᠯᠠᠯ᠎ᠢ ᠲᠤᠢᠯ᠎ᠤᠨ ᠣᠨᠣᠪᠴᠢᠲᠠᠶ᠎ᠪᠠᠷ ᠬᠠᠪᠰᠤᠷᠤᠨ ᠲᠡᠳᠬᠦᠵᠦ ᠪᠠᠢᠭᠠᠳ ᠪᠥᠬᠥ ᠶᠠᠪᠤᠴᠠ᠎ᠶᠢᠨ ᠠᠦ᠋ᠲ᠋ᠣᠴᠢᠯᠠᠭᠰᠠᠨ ᠥᠭᠡᠷᠡᠴᠢᠯᠡᠯᠲᠡ ᠪᠠ ᠰᠢᠨ᠎ᠡ ᠲᠣᠨᠣᠭ ᠲᠥᠬᠦᠭᠡᠷᠦᠮᠵᠢ᠎ᠶᠢᠨ ᠰᠢᠨ᠎ᠡ ᠮᠡᠷᠭᠡᠵᠢᠯ᠎ᠦᠨ ᠬᠡᠷᠡᠭᠯᠡᠯᠲᠡ᠎ᠶᠢ ᠵᠢᠷᠤᠮᠵᠢᠭᠤᠯᠤᠨ ᠥᠷᠨᠢᠭᠦᠯᠵᠦ ᠂ ᠮᠥᠨ ᠴᠢᠨᠠᠷ᠎ᠤᠨ ᠠᠮᠤᠷ ᠲᠦᠪᠰᠢᠨ᠎ᠦ ᠬᠢᠷᠢ ᠬᠡᠮᠵᠢᠶ᠎ᠡ ᠂ ᠠᠵᠢᠯᠯᠠᠭ᠍ᠴᠢ᠎ᠶᠢᠨ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠬᠢᠷᠢ ᠬᠡᠮᠵᠢᠶ᠎ᠡ ᠂ ᠮᠡᠳᠡᠭᠡ ᠵᠠᠩᠭᠢᠵᠢᠯᠲᠠ᠎ᠶᠢᠨ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠪᠠ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠲᠦᠷᠭᠡᠳᠬᠡᠨ ᠳᠡᠭᠡᠭᠰᠢᠯᠡᠭᠦᠯᠦᠨ᠎ᠡ᠃
ᠣᠳᠣᠬᠠᠨ᠎ᠳᠤ ᠂ ᠲᠤᠰᠬᠠᠢ ᠮᠡᠷᠭᠡᠵᠢᠯᠲᠡᠨ᠎ᠦ ᠵᠢᠯᠤᠭᠣᠳᠬᠤ ᠦᠢᠯᠡᠴᠢᠯᠡᠭᠡᠨ᠎ᠦ ᠳᠤᠭᠤᠢᠯᠠᠩ ᠨᠢᠭᠡᠨᠲᠡ ᠭᠠᠨᠰᠤ ᠂ ᠬᠥᠬᠡᠨᠠᠭᠤᠷ ᠂ ᠱᠠᠨᠳᠦ᠋ᠩ ᠂ ᠵᠢᠶᠠᠩᠰᠤ ᠂ ᠹᠦᠵᠢᠶᠠᠨ ᠵᠡᠷᠭᠡ ᠭᠠᠵᠠᠷ᠎ᠤᠨ ᠨᠢᠲᠷᠤᠵᠢᠭ᠍ᠰᠠᠨ ᠠᠵᠤ ᠠᠬᠤᠢᠯᠠᠯ᠎ᠳᠤ ᠬᠦᠷᠴᠦ ᠠᠵᠢᠯ᠎ᠢᠶᠠᠨ ᠥᠷᠨᠢᠭᠦᠯᠪᠡ᠃