8 ᠰᠠᠷ᠎ᠠ ᠵᠢᠨ 26᠎ᠤ ᠡᠳᠦᠷ᠂ ᠠᠩᠬᠠᠳᠤᠭᠠᠷ ᠪᠦᠯᠦᠭ᠎ᠤᠨ ᠪᠦᠭᠦ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠭᠣᠣᠯᠯᠠᠭ᠍ᠴᠢ ᠴᠢᠳᠠᠪᠤᠷᠢᠲᠠᠨ᠎ᠢ ᠬᠥᠮᠥᠵᠢᠭᠦᠯᠬᠦ ᠨᠢᠭᠡᠳᠦᠭᠡᠷ ᠤᠳᠠᠭ᠎ᠠ ᠵᠢᠨ ᠲᠥᠪᠯᠡᠷᠡᠭᠦᠯᠦᠨ ᠪᠤᠯᠪᠠᠰᠤᠷᠠᠭᠤᠯᠬᠤ ᠠᠵᠢᠯ ᠡᠬᠢᠯᠡᠪᠡ᠂ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠬᠡᠯᠲᠡᠰ᠎ᠤᠨ ᠳᠠᠷᠤᠭ᠎ᠠ ᠰᠦᠩ ᠶᠤᠸᠠᠨ ᠮᠢᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠰᠦᠩ ᠶᠤᠸᠠᠨ ᠮᠢᠩ ᠴᠢᠬᠤᠯᠠᠴᠢᠯᠠᠭᠰᠠᠨ ᠨᠢ᠂ ᠬᠠᠤᠯᠢ ᠬᠡᠷᠡᠭᠵᠢᠭᠦᠯᠬᠦ ᠭᠣᠣᠯᠯᠠᠭ᠍ᠴᠢ ᠬᠦᠴᠦᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠶ᠋ᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠤᠯᠤᠰ ᠲᠦᠷᠦ᠎ᠪᠠᠷ ᠬᠥᠲᠥᠯᠥᠨ ᠳᠠᠭᠠᠭᠤᠯᠬᠤ ᠶ᠋ᠢ ᠪᠠᠷᠢᠮᠲᠠᠯᠠᠵᠤ᠂ ᠰᠤᠷᠴᠤ ᠬᠡᠷᠡᠭᠯᠡᠬᠦ ᠶ᠋ᠢ ᠤᠶᠠᠯᠳᠤᠭᠤᠯᠬᠤ ᠶ᠋ᠢ ᠪᠠᠷᠢᠮᠲᠠᠯᠠᠵᠤ᠂ ᠤᠯᠤᠰ ᠲᠦᠷᠦ ᠵᠢᠨ ᠲᠠᠯ᠎ᠠ᠎ᠪᠠᠷ ᠡᠷᠡᠰ ᠪᠠᠲᠤ᠂ ᠠᠷᠢᠭᠤᠨ ᠴᠢᠬᠡᠴᠢ ᠡᠭᠦᠷᠭᠡᠯᠡᠯ᠂ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ ᠠᠶᠤᠯᠭᠦᠢ ᠦᠢᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠭᠣᠣᠯᠯᠠᠭ᠍ᠴᠢ ᠴᠢᠳᠠᠪᠤᠷᠢᠲᠠᠨ᠎ᠤ ᠡᠩᠨᠡᠭᠡ ᠶ᠋ᠢ ᠪᠤᠢ ᠪᠤᠯᠭᠠᠵᠤ᠂ ᠪᠦᠭᠦ ᠰᠢᠰᠲᠧᠮ᠎ᠤᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠢᠭᠤᠯᠤᠯᠲᠠ ᠶ᠋ᠢ ᠬᠥᠲᠥᠯᠥᠨ ᠳᠠᠭᠠᠭᠤᠯᠵᠤ ᠲᠠᠶ᠋ᠢᠴᠢᠯᠠᠨ᠂ ᠴᠢᠩᠭ᠎ᠠ ᠣᠨᠣᠪᠴᠢᠲᠠᠢ ᠵᠢᠷᠤᠮᠵᠢᠬ᠍ᠰᠠᠨ ᠬᠠᠤᠯᠢ ᠬᠡᠷᠡᠭᠵᠢᠭᠦᠯᠬᠦ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃
ᠠᠶᠤᠯᠭᠦᠢ ᠦᠢᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠭᠣᠣᠯᠯᠠᠭ᠍ᠴᠢ ᠴᠢᠳᠠᠪᠤᠷᠢᠲᠠᠨ᠎ᠢ ᠬᠥᠮᠥᠵᠢᠭᠦᠯᠬᠦ ᠨᠢ ᠭᠤᠷᠪᠠᠨ ᠵᠢᠯ ᠵᠶ᠋ᠠᠷ ᠨᠢᠭᠡ ᠦᠶᠡᠯᠡᠯ᠎ᠤᠨ ᠬᠤᠭᠤᠴᠠᠭ᠎ᠠ ᠪᠤᠯᠭᠠᠵᠤ᠂ ᠮᠡᠳᠡᠯᠭᠡ ᠶ᠋ᠢ ᠥᠷᠭᠡᠳᠬᠡᠬᠦ᠂ ᠴᠢᠳᠠᠪᠤᠷᠢ ᠶ᠋ᠢ ᠳᠡᠭᠡᠭᠰᠢᠯᠡᠭᠦᠯᠭᠦ᠂ ᠬᠡᠷᠡᠭᠯᠡᠯᠲᠡ ᠶ᠋ᠢ ᠳᠡᠭᠡᠭᠰᠢᠯᠡᠭᠦᠯᠭᠦ ᠭᠤᠷᠪᠠᠨ ᠱᠠᠲᠤ ᠦᠶ᠎ᠡ ᠬᠤᠪᠢᠶᠠᠵᠤ᠂ ᠪᠦᠭᠦ ᠰᠢᠰᠲᠧᠮ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠳᠣᠲᠣᠷ᠎ᠠ᠎ᠠᠴᠠ ᠤᠯᠤᠰ ᠲᠦᠷᠦ ᠵᠢᠨ ᠬᠡᠪ ᠴᠢᠨᠠᠷ ᠵᠶ᠋ᠠᠷ ᠰᠠᠢᠨ᠂ ᠠᠵᠢᠯ᠎ᠤᠨ ᠪᠣᠳᠠᠲᠤ ᠪᠦᠲᠦᠮᠵᠢ᠎ᠪᠠᠷ ᠲᠣᠪᠣᠢᠮ᠎ᠠ᠂ ᠬᠥᠭᠵᠢᠯᠲᠡ ᠵᠢᠨ ᠳᠠᠯᠳᠠ ᠬᠦᠴᠦᠨ᠎ᠲᠠᠢ 70 ᠨᠡᠷᠡᠰ ᠢᠳᠡᠷ ᠵᠠᠯᠠᠭᠤ ᠬᠠᠤᠯᠢ ᠬᠡᠷᠡᠭᠵᠢᠭᠦᠯᠬᠦ ᠭᠣᠣᠯᠯᠠᠭ᠍ᠴᠢ ᠬᠦᠴᠦᠨ᠎ᠢ ᠰᠢᠯᠢᠨ ᠰᠣᠩᠭᠣᠵᠤ᠂ ᠨᠡᠶ᠋ᠢᠳᠡ 6 ᠤᠳᠠᠭ᠎ᠠ ᠲᠥᠪᠯᠡᠷᠡᠭᠦᠯᠦᠨ ᠪᠤᠯᠪᠠᠰᠤᠷᠠᠭᠤᠯᠵᠤ᠂ ᠱᠠᠲᠤ ᠬᠤᠪᠢᠶᠠᠨ᠂ ᠠᠬᠢᠭᠤᠯᠬᠤ ᠭᠡᠯᠪᠡᠷᠢ᠎ᠪᠠᠷ ᠬᠥᠮᠥᠵᠢᠭᠦᠯᠦᠨ᠎ᠡ᠃
ᠬᠥᠮᠥᠵᠢᠭᠦᠯᠬᠦ ᠦᠶᠡᠯᠡᠯ᠎ᠤᠨ ᠬᠤᠭᠤᠴᠠᠭᠠᠨ᠎ᠳᠤ᠂ ᠨᠠᠮᠴᠢ ᠴᠢᠨᠠᠷ᠎ᠤᠨ ᠬᠥᠮᠦᠵᠢᠯ᠎ᠢ ᠪᠦᠭᠦ ᠶᠠᠪᠤᠴᠠ᠎ᠳᠤ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠭᠣᠣᠯᠯᠠᠭ᠍ᠴᠢ ᠴᠢᠳᠠᠪᠤᠷᠢᠲᠠᠨ᠎ᠤ ᠣᠨᠴᠠᠯᠢᠭ᠋᠎ᠲᠤ ᠲᠣᠬᠢᠷᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠬᠥᠮᠥᠵᠢᠭᠦᠯᠬᠦ ᠵᠠᠭᠪᠤᠷ᠎ᠢ ᠠᠯᠬᠤᠮ ᠠᠯᠬᠤᠮ ᠵᠶ᠋ᠠᠷ ᠪᠠᠢᠭᠤᠯᠤᠨ ᠲᠡᠭᠦᠯᠳᠡᠷᠵᠢᠭᠦᠯᠦᠨ᠎ᠡ᠃ᠲᠥᠪᠯᠡᠷᠡᠭᠦᠯᠦᠨ ᠪᠤᠯᠪᠠᠰᠤᠷᠠᠭᠤᠯᠬᠤ ᠶ᠋ᠢ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠵᠢᠨ ᠶᠠᠮᠤᠨ᠎ᠤ ᠠᠵᠢᠯᠲᠠᠨ᠎ᠤ ᠶᠠᠪᠤᠳᠠᠯ᠎ᠤᠨ ᠵᠤᠷᠭᠠᠨ᠂ ᠬᠠᠤᠯᠢ ᠬᠡᠷᠡᠭᠵᠢᠭᠦᠯᠬᠦ ᠠᠵᠤ ᠦᠢᠯᠡᠳᠪᠦᠷᠢ ᠠᠷᠠᠯᠵᠢᠶᠠᠨ᠎ᠤ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠵᠢᠨ ᠶᠠᠮᠤᠨ᠎ᠤ ᠺᠠᠳ᠋ᠷ᠎ᠤᠨ ᠪᠣᠯᠪᠠᠰᠤᠷᠠᠭᠤᠯᠤᠯ᠎ᠤᠨ ᠳᠡᠭᠡᠳᠦ ᠰᠤᠷᠭᠠᠭᠤᠯᠢ ᠳᠠᠭᠠᠭᠠᠨ ᠡᠷᠭᠢᠯᠡᠵᠦ᠂ ᠨᠢᠭᠡᠳᠦᠭᠡᠷ ᠤᠳᠠᠭ᠎ᠠ ᠲᠥᠪᠯᠡᠷᠡᠭᠦᠯᠦᠨ ᠪᠤᠯᠪᠠᠰᠤᠷᠠᠭᠤᠯᠬᠤ᠎ᠳᠠᠭᠠᠨ ᠭᠣᠣᠯᠳᠠᠭᠤ ᠡᠭᠦᠷᠭᠡ ᠪᠠ ᠮᠡᠳᠡᠯᠭᠡ᠎ᠪᠠᠨ ᠥᠷᠭᠡᠳᠬᠡᠵᠦ᠂ ᠣᠨᠣᠯ᠎ᠤᠨ ᠬᠥᠮᠦᠵᠢᠯ᠂ ᠬᠠᠤᠯᠢ ᠬᠡᠷᠡᠭᠵᠢᠭᠦᠯᠬᠦ ᠬᠡᠪ ᠪᠣᠯᠪᠠᠰᠤᠷᠠᠯ᠎ᠢ ᠳᠡᠭᠡᠭᠰᠢᠯᠡᠭᠦᠯᠭᠦ᠂ ᠬᠠᠤᠯᠢ ᠬᠡᠷᠡᠭᠵᠢᠭᠦᠯᠦᠯᠲᠡ ᠵᠢᠨ ᠰᠢᠨ᠎ᠡ ᠶ᠋ᠢ ᠡᠭᠦᠳᠬᠦ ᠦᠢᠯᠡᠳᠦᠯᠭᠡ᠂ ᠪᠦᠯᠭᠦᠮ ᠨᠡᠶ᠋ᠢᠲᠡ ᠵᠢᠨ ᠪᠠᠢᠭᠤᠯᠤᠯᠲᠠ ᠵᠡᠷᠭᠡ 4 ᠵᠢᠭᠠᠨ ᠰᠤᠷᠭᠠᠯᠲᠠ ᠵᠢᠨ ᠵᠠᠭᠪᠤᠷ᠎ᠤᠨ ᠶᠣᠰᠣᠭᠠᠷ ᠬᠢᠴᠢᠶᠡᠯ ᠲᠣᠬᠢᠷᠠᠭᠤᠯᠵᠤ᠂ ᠬᠠᠮᠢᠶ᠎ᠠ ᠪᠦᠬᠦᠢ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠨ ᠪᠠ ᠶᠠᠮᠤᠨ᠎ᠤ ᠪᠠᠢᠭᠤᠯᠭ᠎ᠠ ᠵᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠡᠰᠡᠭ ᠬᠠᠮᠢᠶ᠎ᠠ ᠪᠦᠬᠦᠢ ᠬᠠᠷᠢᠭᠤᠴᠠᠯᠭᠠᠲᠠᠨ᠎ᠢ ᠤᠷᠢᠵᠤ ᠬᠢᠴᠢᠶᠡᠯ ᠣᠷᠣᠭᠤᠯᠪᠠ᠃