ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠥᠪᠥᠷ ᠮᠣᠩᠭᠣᠯ 《ᠴᠡᠭ᠂ ᠱᠤᠭᠤᠮ᠂ ᠲᠠᠯ᠎ᠠ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠠᠶᠤᠯᠲᠠᠢ ᠬᠢᠮᠢ ᠵᠢᠨ ᠪᠣᠳᠠᠰ᠎ᠤᠨ ᠠᠶᠤᠯᠭᠦᠢ ᠦᠢᠯᠡᠳᠪᠦᠷᠢᠯᠡᠯ᠎ᠤᠨ 《ᠤᠨᠠᠭᠤᠯᠢ ᠭᠣᠣᠯ》᠎ᠢ ᠪᠠᠲᠤ ᠴᠣᠭᠴᠠᠯᠠᠪᠠ
ᠨᠡᠶ᠋ᠢᠲᠡᠯᠡᠭᠰᠡᠨ ᠴᠠᠭ᠄ 2025-09-29

ᠠᠶᠤᠯᠲᠠᠢ ᠬᠢᠮᠢ ᠵᠢᠨ ᠪᠣᠳᠠᠰ᠎ᠤᠨ ᠬᠦᠷᠢᠶᠡᠨ᠎ᠳᠠᠬᠢ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠶ᠋ᠢ ᠦᠨᠡᠨᠬᠦ ᠰᠡᠷᠭᠡᠢᠯᠡᠨ ᠠᠷᠢᠯᠭᠠᠵᠤ᠂ ᠬᠠᠮᠢᠶ᠎ᠠ ᠪᠦᠬᠦᠢ ᠠᠵᠤ ᠠᠬᠤᠢᠯᠠᠯ᠎ᠤᠨ ᠦᠢᠯᠡᠳᠪᠦᠷᠢᠯᠡᠬᠦ᠂ ᠬᠠᠳᠠᠭᠠᠯᠠᠬᠤ᠂ ᠬᠡᠷᠡᠭᠯᠡᠬᠦ ᠵᠡᠷᠭᠡ ᠭᠣᠭᠴᠣᠭᠠᠨ᠎ᠤ ᠠᠮᠤᠷ ᠲᠦᠪᠰᠢᠨ᠎ᠤ ᠬᠠᠮᠢᠶᠠᠷᠤᠯᠲᠠ ᠶ᠋ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠥᠯᠥᠭᠡ᠂ ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠵᠢᠨ ᠲᠢᠩᠬᠢᠮ 《ᠴᠡᠭ᠂ ᠱᠤᠭᠤᠮ᠂ ᠲᠠᠯ᠎ᠠ》 ᠵᠢᠨ ᠭᠤᠷᠪᠠᠨ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ᠎ᠪᠠᠷ ᠳᠠᠮᠵᠢᠭᠤᠯᠵᠤ᠂ ᠠᠶᠤᠯᠲᠠᠢ ᠬᠢᠮᠢ ᠵᠢᠨ ᠪᠣᠳᠠᠰ᠎ᠤᠨ ᠠᠶᠤᠯᠭᠦᠢ ᠦᠢᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠯᠲᠠ ᠶ᠋ᠢ ᠦᠷᠭᠦᠯᠵᠢᠯᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ᠎ᠤᠨ 《ᠤᠨᠠᠭᠤᠯᠢ ᠭᠣᠣᠯ》᠎ᠢ ᠬᠦᠴᠦᠯᠡᠨ ᠪᠠᠲᠤ ᠴᠣᠭᠴᠠᠯᠠᠪᠠ᠃

ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠋᠎ᠤᠨ 《ᠵᠠᠩᠭᠢᠯᠠᠭ᠎ᠠ ᠵᠢᠨ ᠴᠡᠭ》᠎ᠢ ᠴᠡᠭᠴᠡᠯᠡᠨ ᠵᠠᠰᠠᠵᠤ ᠳᠡᠭᠡᠭᠰᠢᠯᠡᠭᠦᠯᠭᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠦᠨᠡᠯᠡᠨ ᠵᠢᠱ᠌ᠢᠯᠲᠡ ᠶ᠋ᠢ ᠪᠦᠭᠦ ᠲᠠᠯ᠎ᠠ᠎ᠪᠠᠷ ᠥᠷᠨᠢᠭᠦᠯᠦᠨ᠎ᠡ᠃ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠤ ᠲᠦᠭᠰᠢᠭᠦᠷᠢ ᠵᠢᠨ ᠵᠡᠷᠭᠡ ᠳᠡᠰ᠎ᠢ ᠦᠨᠡᠯᠡᠨ ᠵᠢᠱ᠌ᠢᠬᠦ᠎ᠪᠠᠷ ᠭᠠᠷᠳᠠᠴᠠ ᠪᠤᠯᠭᠠᠵᠤ᠂ 《ᠠᠷᠪᠠ᠎ᠶᠢ ᠬᠡᠷᠡᠭᠵᠢᠭᠦᠯᠵᠦ ᠬᠣᠶᠠᠷ᠎ᠢ ᠴᠠᠭᠠᠵᠠᠯᠠᠬᠤ 》 ᠠᠮᠤᠷ ᠲᠦᠪᠰᠢᠨ᠎ᠦ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠦᠨ᠎ᠡ᠃ ᠲᠤᠬᠠᠢ ᠵᠢᠨ ᠭᠠᠵᠠᠷ ᠲᠤᠨᠢ ᠵᠢᠯᠤᠭᠣᠳᠬᠤ᠂ ᠲᠥᠪᠯᠡᠷᠡᠭᠦᠯᠦᠨ ᠦᠨᠡᠯᠡᠨ ᠵᠢᠱ᠌ᠢᠬᠦ᠂ ᠳᠠᠭᠠᠭᠠᠴᠢᠯᠠᠯᠲᠠ ᠥᠭᠴᠦ ᠬᠤᠪᠢ ᠲᠣᠭᠲᠠᠭᠠᠬᠤ ᠵᠡᠷᠭᠡ ᠠᠷᠭ᠎ᠠ ᠮᠠᠶᠢᠭ᠋ ᠵᠶ᠋ᠠᠷ ᠳᠠᠮᠵᠢᠭᠤᠯᠤᠨ᠂ ᠬᠦᠷᠢᠶᠡᠯᠡᠩ ᠲᠣᠭᠣᠷᠢᠭ᠋᠎ᠲᠤ ᠪᠦᠭᠦ ᠲᠠᠯ᠎ᠠ ᠵᠢᠨ 《ᠰᠤᠳᠠᠯ ᠪᠠᠷᠢᠵᠤ ᠣᠨᠣᠰᠢᠯᠠᠬᠤ》 ᠠᠵᠢᠯ᠎ᠢ ᠬᠠᠩᠭᠠᠵᠤ᠂ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠠᠯᠬᠤᠮ ᠠᠯᠬᠤᠮ᠎ᠢᠶᠠᠷ ᠨᠡᠯᠢᠶᠡᠳ ᠳᠣᠣᠷ᠎ᠠ ᠠᠮᠤᠷ ᠲᠦᠪᠰᠢᠨ᠎ᠦ ᠲᠦᠭᠰᠢᠭᠦᠷᠢ᠎ᠶᠢᠨ ᠲᠠᠰ᠎ᠲᠤ ᠬᠦᠷᠬᠦ᠎ᠶᠢ ᠠᠬᠢᠭᠤᠯᠤᠨ᠎ᠠ᠃ ᠣᠳᠣᠬᠠᠨ ᠪᠣᠯᠲᠠᠯ᠎ᠠ ᠂ ᠪᠥᠬᠥ ᠣᠷᠣᠨ᠎ᠳᠤ ᠬᠣᠶᠠᠷ ᠡᠭᠡᠯᠵᠢ ᠨᠡᠶ᠋ᠢᠲᠡ 24 ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠲᠤᠰᠬᠠᠢ ᠮᠡᠷᠭᠡᠵᠢᠯᠲᠡᠨ᠎ᠦ ᠵᠢᠯᠣᠭᠣᠳᠤᠯᠭ᠎ᠠ᠎ᠶᠢᠨ ᠦᠢᠯᠡᠴᠢᠯᠡᠭᠡ᠎ᠶᠢ ᠥᠷᠨᠢᠭᠦᠯᠵᠦ ᠂ 40 ᠨᠢᠭᠡᠨᠲᠡ ᠮᠠᠭᠠᠳᠯᠠᠨ ᠲᠣᠭᠲᠠᠭᠠᠭᠰᠠᠨ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠳᠣᠲᠣᠷ᠎ᠠ ᠂ ᠨᠢᠭᠡᠨᠲᠡ 26 ᠨᠢ ᠨᠡᠯᠢᠶᠡᠳ ᠳᠣᠣᠷ᠎ᠠ ᠠᠮᠤᠷ ᠲᠦᠪᠰᠢᠨ᠎ᠦ ᠲᠦᠭᠰᠢᠭᠦᠷᠢ᠎ᠶᠢᠨ ᠲᠠᠰ᠎ᠲᠤ ᠬᠦᠷᠴᠡᠢ᠃

ᠠᠶᠤᠯ ᠶᠡᠬᠡᠲᠡᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ 《ᠭᠣᠣᠯ ᠱᠤᠭᠤᠮ》᠎ᠢ ᠴᠢᠩᠭ᠎ᠠ ᠠᠳᠬᠤᠵᠤ᠂ ᠠᠵᠤ ᠠᠬᠤᠢᠯᠠᠯ᠎ᠤᠨ ᠠᠶᠤᠯ ᠲᠦᠭᠰᠢᠭᠦᠷᠢ ᠵᠢᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠨ᠎ᠠ᠃ ᠨᠢᠲᠷᠤᠵᠢᠭᠤᠯᠬᠤ ᠂ ᠾᠯᠣᠷᠵᠢᠭᠤᠯᠬᠤ ᠠᠵᠤ ᠠᠬᠤᠢᠯᠠᠯ᠎ᠤᠨ ᠠᠦ᠋ᠲ᠋ᠣᠴᠢᠯᠠᠬᠤ ᠥᠭᠡᠷᠡᠴᠢᠯᠡᠯᠲᠡ᠎ᠶᠢ ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ ᠂ ᠣᠯᠠᠨ᠎ᠤ ᠣᠶᠤᠨ ᠤᠬᠠᠭᠠᠨ᠎ᠢ ᠬᠤᠷᠠᠮᠳᠤᠭᠤᠯᠤᠨ ᠂ ᠬᠦᠴᠦᠨ ᠴᠢᠳᠠᠯ᠎ᠢ ᠲᠥᠪᠯᠡᠷᠡᠭᠦᠯᠵᠦ ᠂ ᠠᠮᠤᠷ ᠲᠦᠪᠰᠢᠨ᠎ᠦ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠬᠤ ᠭᠣᠣᠯᠳᠠᠯᠭ᠎ᠠ᠎ᠶᠢ ᠬᠠᠮᠲᠤᠪᠠᠷ ᠰᠤᠳᠤᠯᠤᠨ ᠂ ᠠᠶᠤᠯ ᠶᠡᠬᠡᠲᠡᠢ ᠭᠠᠷ ᠤᠷᠠᠯᠠᠯ᠎ᠤᠨ ᠠᠦ᠋ᠲ᠋ᠣᠴᠢᠯᠠᠬᠤ ᠥᠭᠡᠷᠡᠴᠢᠯᠡᠯᠲᠡ᠎ᠶᠢᠨ 《 ᠪᠣᠯᠣᠮᠵᠢᠲᠤ ᠵᠠᠮ 》 ᠎ᠢ ᠭᠦᠨᠵᠡᠭᠡᠢ ᠰᠦᠪᠡᠭᠴᠢᠯᠡᠨ᠎ᠡ᠃ ᠨᠢᠲᠷᠤᠵᠢᠭ᠍ᠰᠠᠨ ᠤᠷ᠎ᠠ ᠮᠡᠷᠭᠡᠰᠢᠯ᠎ᠦᠨ ᠮᠡᠷᠭᠡᠵᠢᠯ᠎ᠦᠨ ᠢᠷᠡᠯᠲᠡ ᠂ ᠲᠦᠭᠦᠬᠡᠢ ᠮᠠᠲᠧᠷᠢᠶᠠᠯ ᠵᠢᠴᠢ ᠵᠠᠪᠰᠠᠷ᠎ᠤᠨ ᠪᠦᠲᠦᠭᠡᠭᠳᠡᠬᠦᠨ᠎ᠦ ᠳᠡᠯᠪᠡᠷᠡᠯᠲᠡ᠎ᠶᠢᠨ ᠠᠶᠤᠯᠲᠤ ᠴᠢᠨᠠᠷ᠎ᠤᠨ ᠬᠢᠨᠠᠨ ᠲᠣᠭᠲᠠᠭᠠᠯᠲᠠ ᠂ ᠠᠦ᠋ᠲ᠋ᠣᠴᠢᠯᠠᠭᠰᠠᠨ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠂ ᠠᠵᠤ ᠠᠬᠤᠢᠯᠠᠯ᠎ᠤᠨ ᠥᠪᠡᠷ᠎ᠢ᠎ᠪᠡᠨ ᠪᠠᠢᠴᠠᠭᠠᠬᠤ᠎ᠶᠢ ᠠᠬᠢᠭᠤᠯᠬᠤ᠎ᠶᠢᠨ ᠬᠠᠮᠲᠤ ᠬᠠᠮᠢᠶ᠎ᠠ ᠪᠦᠬᠦᠢ ᠠᠢᠮᠠᠭ ᠬᠣᠲᠠ᠎ᠠᠴᠠ ᠳᠠᠬᠢᠨ ᠬᠢᠨᠠᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠰᠢᠮᠳᠠᠭᠤᠯᠤᠨ ᠨᠠᠢᠳᠠᠪᠤᠷᠢᠵᠢᠭᠤᠯᠵᠤ ᠂ ᠬᠡᠮ ᠰᠣᠭᠣᠭ᠎ᠤᠨ ᠠᠰᠠᠭᠤᠳᠠᠯ᠎ᠢ 《 ᠬᠥᠳᠡᠯᠦᠩᠭᠦᠢ᠎ᠪᠡᠷ ᠦᠭᠡᠶ᠋ᠢᠰᠬᠡᠬᠦ 》 ᠎ᠶᠢ ᠪᠡᠶᠡᠯᠡᠭᠦᠯᠦᠨ᠎ᠡ᠃

ᠬᠡᠪ᠎ᠤᠨ ᠠᠶᠤᠯ ᠲᠦᠭᠰᠢᠭᠦᠷᠢ ᠶ᠋ᠢ ᠬᠠᠮᠢᠶᠠᠷᠤᠨ ᠡᠵᠡᠮᠳᠡᠬᠦ ᠲᠣᠭᠲᠠᠴᠠ ᠵᠢᠨ 《ᠰᠡᠷᠭᠡᠢᠯᠡᠨ ᠬᠠᠮᠠᠭᠠᠯᠠᠬᠤ ᠲᠠᠯ᠎ᠠ》 ᠶ᠋ᠢ ᠪᠠᠢᠭᠤᠯᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠦᠨ᠎ᠡ᠃ ᠠᠶᠤᠯᠲᠠᠢ ᠬᠢᠮᠢ ᠵᠢᠨ ᠪᠣᠳᠠᠰ᠎ᠤᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ᠎ᠤᠨ ᠠᠮᠤᠷ ᠲᠦᠪᠰᠢᠨ᠎ᠤ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ 《ᠨᠠᠮᠤᠷ᠎ᠤᠨ ᠤᠯᠠᠷᠢᠯ᠎ᠤᠨ ᠰᠢᠪᠲᠤᠯᠤᠯᠲᠠ》 ᠶ᠋ᠢ ᠡᠬᠢᠯᠡᠭᠦᠯᠵᠦ᠂ ᠡᠯ᠎ᠡ ᠠᠢᠮᠠᠭ ᠬᠤᠲᠠ ᠵᠢᠨ 《ᠬᠣᠶᠠᠷ ᠭᠣᠣᠯᠳᠠᠯᠭ᠎ᠠ ᠨᠢᠭᠡ ᠴᠢᠬᠤᠯᠠ》᠎ᠳᠤ ᠬᠣᠯᠪᠣᠭᠳᠠᠭᠰᠠᠨ ᠲᠥᠷᠥᠯ ᠵᠦᠢᠯ᠎ᠤᠨ ᠠᠮᠤᠷ ᠲᠦᠪᠰᠢᠨ᠎ᠤ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠲᠣᠭᠲᠠᠴᠠ ᠶ᠋ᠢ ᠠᠩᠬ᠎ᠠ ᠠᠯᠬᠤᠮ ᠪᠠᠶ᠋ᠢᠭᠤᠯᠬᠤ ᠶ᠋ᠢ ᠠᠬᠢᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢᠨ ᠳᠠᠯᠳᠠ ᠭᠡᠮ᠎ᠢ ᠤᠷᠢᠳᠴᠢᠯᠠᠨ ᠰᠡᠷᠭᠡᠢᠯᠡᠬᠦ 《ᠤᠷᠲᠤ ᠬᠤᠭᠤᠴᠠᠭᠠᠨ᠎ᠤ ᠮᠥᠷᠳᠡᠯᠲᠡ》 ᠵᠢᠨ ᠬᠠᠮᠢᠶᠠᠷᠤᠯᠲᠠ ᠶ᠋ᠢ ᠪᠦᠲᠦᠮᠵᠢᠲᠡᠶ ᠪᠡᠶᠡᠯᠡᠭᠦᠯᠦᠨ᠎ᠡ᠃ ᠡᠭᠦᠨ᠎ᠤ ᠬᠠᠮᠲᠤ᠂ ᠬᠢᠮᠢ ᠵᠢᠨ ᠠᠵᠤ ᠦᠢᠯᠡᠳᠪᠦᠷᠢ ᠵᠢᠨ ᠬᠣᠴᠤᠷᠤᠩᠭᠤᠢ ᠭᠠᠷ ᠤᠷᠠᠯᠠᠯ᠎ᠤᠨ ᠮᠡᠷᠭᠡᠵᠢᠯ ᠲᠥᠬᠦᠭᠡᠷᠦᠮᠵᠢ ᠪᠠ ᠬᠠᠭᠤᠴᠢᠨ ᠲᠣᠨᠣᠭᠯᠠᠯ᠎ᠢ ᠰᠢᠭᠰᠢᠭᠳᠡᠭᠦᠯᠦᠨ ᠰᠢᠨᠡᠳᠬᠡᠬᠦ ᠠᠵᠢᠯ᠎ᠢ ᠭᠦᠨᠵᠡᠭᠡᠢ ᠠᠬᠢᠭᠤᠯᠵᠤ᠂ ᠣᠳᠣᠬᠠᠨ᠎ᠳᠤ ᠬᠣᠶᠠᠳᠤᠭᠠᠷ ᠪᠦᠯᠦᠭ᠎ᠤᠨ 199 ᠢᠵᠢ ᠲᠥᠬᠦᠭᠡᠷᠦᠮᠵᠢ ᠶ᠋ᠢ ᠴᠥᠮ ᠥᠭᠡᠷᠡᠴᠢᠯᠡᠬᠦ ᠲᠥᠯᠥᠪᠯᠡᠭᠡ ᠲᠣᠭᠲᠠᠭᠠᠵᠤ᠂ ᠠᠶᠤᠯᠲᠠᠢ ᠬᠢᠮᠢ ᠵᠢᠨ ᠪᠣᠳᠠᠰ᠎ᠤᠨ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠠᠵᠢᠯᠯᠠᠭᠠᠨ᠎ᠤ 《ᠪᠠᠢᠩᠭᠤ ᠠᠮᠤᠭᠤᠯᠠᠩ ᠪᠠᠢᠩᠭᠤ ᠰᠢᠨ᠎ᠡ》 ᠶ᠋ᠢ ᠦᠨᠡᠨᠬᠦ ᠪᠠᠲᠤᠯᠠᠪᠠ᠃

ᠲᠠᠷᠠᠭᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ  ᠬᠠᠮᠢᠶᠠᠷᠤᠯᠲᠠ ᠵᠢᠨ ᠲᠢᠩᠬᠢᠮ ᠦᠷᠭᠦᠯᠵᠢᠯᠡᠨ ᠬᠦᠴᠦᠲᠡᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ᠎ᠤ ᠦᠨᠡᠯᠡᠨ ᠵᠢᠱ᠌ᠢᠬᠦ ᠠᠵᠢᠯ᠎ᠢ ᠦᠷᠭᠦᠯᠵᠢᠯᠡᠨ ᠵᠣᠬᠢᠶᠠᠨ ᠪᠠᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠵᠢᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠵᠠᠰᠠᠬᠤ ᠶ᠋ᠢ ᠴᠢᠩᠭᠠᠳᠬᠠᠨ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠭᠡᠮ᠎ᠢ ᠴᠠᠭ ᠲᠤᠬᠠᠢ᠎ᠳᠤ ᠨᠢ ᠠᠷᠢᠯᠭᠠᠵᠤ᠂《ᠬᠠᠮᠠᠭᠠᠯᠠᠭ᠍ᠴᠢ》 ᠪᠣᠯᠵᠤ᠂ 《ᠠᠮᠤᠷ ᠲᠦᠪᠰᠢᠨ᠎ᠤ ᠠᠵᠢᠯ᠎ᠤᠨ ᠪᠠᠢᠷᠢ》᠎ᠳᠤ ᠰᠠᠢᠲᠤᠷ ᠵᠣᠭᠰᠣᠨ᠎ᠠ᠃ ᠡᠭᠦᠨ᠎ᠤ ᠬᠠᠮᠲᠤ᠂ ᠠᠶᠤᠯᠲᠠᠢ ᠬᠢᠮᠢ ᠵᠢᠨ ᠪᠣᠳᠠᠰ᠎ᠤᠨ ᠬᠦᠷᠢᠶᠡᠨ᠎ᠳᠠᠬᠢ ᠠᠶᠤᠯᠭᠦᠢ ᠦᠢᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠯᠲᠠ ᠶ᠋ᠢ ᠪᠦᠭᠦ ᠲᠠᠯ᠎ᠠ᠎ᠪᠠᠷ ᠴᠢᠩᠭᠠᠳᠬᠠᠵᠤ᠂ ᠠᠵᠤ ᠠᠬᠤᠢᠯᠠᠯ᠎ᠤᠨ ᠠᠮᠤᠷ ᠲᠦᠪᠰᠢᠨ᠎ᠤ ᠰᠠᠭᠤᠷᠢ ᠶ᠋ᠢ ᠲᠠᠰᠤᠷᠠᠯᠲᠠ ᠦᠭᠡᠢ ᠪᠡᠬᠢᠵᠢᠭᠦᠯᠵᠦ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠰᠡᠷᠭᠡᠢᠯᠡᠯᠲᠡ ᠵᠢᠨ ᠱᠤᠭᠤᠮ᠎ᠢ ᠪᠡᠬᠢᠵᠢᠭᠦᠯᠵᠦ᠂ ᠪᠦᠭᠦ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠪᠠᠢᠳᠠᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠢᠵᠢᠷᠠᠬᠤ ᠶ᠋ᠢ ᠪᠠᠲᠤᠯᠠᠬᠤ ᠬᠡᠷᠡᠭᠲᠡᠢ᠃

ᠢᠷᠡᠯᠲᠡ᠄          
          
ᠬᠠᠮᠢᠶ᠎ᠡ ᠪᠦᠬᠦᠢ ᠰᠣᠨᠢᠨ
 
            