ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠣᠷᠣᠨ ᠨᠤᠲᠤᠭ᠎ᠤᠨ ᠪᠠᠶ᠋ᠢᠳᠠᠯ
ᠬᠢᠩᠭᠠᠨ ᠠᠢᠮᠠᠭ᠄ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭᠠᠨ᠎ᠳᠤ ᠠᠶᠤᠯᠭᠦᠢ ᠦᠢᠯᠡᠳᠪᠦᠷᠢᠯᠡᠯ᠎ᠤᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠨ᠎ᠠ
ᠨᠡᠶ᠋ᠢᠲᠡᠯᠡᠭᠰᠡᠨ ᠴᠠᠭ᠄ 2025-10-14

ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠂ ᠬᠢᠩᠭᠠᠨ ᠠᠢᠮᠠᠭ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ ᠤᠯᠤᠰ ᠂ ᠥᠪᠡᠷᠲᠡᠭᠡᠨ ᠵᠠᠰᠠᠬᠤ ᠣᠷᠣᠨ ᠪᠠ ᠠᠢᠮᠠᠭ᠎ᠤᠨ ᠨᠠᠮ᠎ᠤᠨ ᠬᠣᠷᠢᠶ᠎ᠠ ᠂ ᠵᠠᠬᠢᠷᠭ᠎ᠠ᠎ᠶᠢᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠤᠯᠤᠰ᠎ᠤᠨ ᠪᠠᠶᠠᠷ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠠᠵᠢᠯ᠎ᠢ ᠰᠠᠢᠲᠤᠷ ᠬᠢᠬᠦ ᠲᠤᠬᠠᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠤᠷᠢᠳᠴᠢᠯᠠᠨ ᠲᠥᠯᠥᠪᠵᠢᠭᠦᠯᠵᠦ ᠂ ᠨᠠᠷᠢᠨ ᠨᠢᠮᠪᠠᠢ ᠪᠠᠢᠷᠢᠯᠠᠭᠤᠯᠤᠨ ᠂ ᠪᠠᠢᠴᠠᠭᠠᠵᠤ ᠬᠢᠨᠠᠨ ᠵᠢᠯᠤᠭᠣᠳᠬᠤ᠎ᠪᠠᠨ ᠴᠢᠩᠭᠠᠳᠬᠠᠵᠤ ᠂ ᠪᠠᠶᠠᠷ᠎ᠤᠨ ᠡᠳᠦᠷ᠎ᠦᠨ ᠬᠤᠭᠤᠴᠠᠭᠠᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠪᠡ᠃ 《 ᠬᠣᠣᠰ ᠪᠠᠶᠠᠷ 》 ᠎ᠤᠨ ᠬᠤᠭᠤᠴᠠᠭᠠᠨ᠎ᠳᠤ ᠂ ᠬᠢᠩᠭᠠᠨ ᠠᠢᠮᠠᠭ᠎ᠤᠨ ᠠᠶᠤᠯ ᠦᠭᠡᠢ ᠦᠢᠯᠡᠳᠪᠦᠷᠢᠯᠡᠯ ᠪᠠ ᠪᠠᠢᠭᠠᠯᠢ᠎ᠶᠢᠨ ᠭᠠᠮᠰᠢᠭ᠋᠎ᠤᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ ᠂ ᠨᠥᠯᠥᠭᠡ ᠶᠡᠬᠡᠲᠡᠢ ᠦᠢᠯᠡᠳᠪᠦᠷᠢᠯᠡᠯ᠎ᠦᠨ ᠠᠮᠤᠷ ᠲᠦᠪᠰᠢᠨ ᠪᠠ ᠭᠠᠮᠰᠢᠭ᠋     ᠦᠭᠡᠢ᠃ 

ᠲᠣᠬᠢᠷᠠᠭᠤᠯᠤᠯᠲᠠ ᠪᠠᠢᠷᠢᠯᠠᠭᠤᠯᠤᠯᠲᠠ᠎ᠪᠠᠨ ᠴᠢᠩᠭᠠᠳᠬᠠᠵᠤ ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠤᠨ᠎ᠠ᠃ ᠪᠠᠶᠠᠷ᠎ᠤᠨ ᠡᠳᠦᠷ᠎ᠡᠴᠡ ᠡᠮᠦᠨ᠎ᠡ ᠂ ᠬᠢᠩᠭᠠᠨ ᠠᠢᠮᠠᠭ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ 2025 ᠣᠨ᠎ᠤ 9  ᠤᠳᠠᠭ᠎ᠠ᠎ᠶᠢᠨ ᠬᠤᠷᠠᠯ ᠵᠢᠴᠢ ᠨᠠᠮᠤᠷ ᠡᠪᠦᠯ᠎ᠦᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠵᠠᠮ ᠬᠠᠷᠢᠯᠴᠠᠭ᠎ᠠ ᠂ ᠵᠢᠭᠤᠯᠴᠢᠯᠠᠯ ᠂ ᠭᠠᠯ ᠤᠨᠲᠠᠷᠠᠭᠠᠬᠤ ᠂ ᠰᠢᠲᠠᠮᠠᠬᠠᠢ ᠬᠡᠢ ᠂ ᠠᠶᠤᠯᠲᠠᠢ ᠬᠢᠮᠢ᠎ᠶᠢᠨ ᠪᠣᠳᠠᠰ ᠂ ᠠᠭᠤᠷᠬᠠᠢ ᠂ ᠠᠵᠤ ᠦᠢᠯᠡᠳᠪᠦᠷᠢ ᠠᠷᠠᠯᠵᠢᠶ᠎ᠠ ᠂ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠪᠠ ᠠᠮᠤᠷ ᠲᠦᠪᠰᠢᠨ᠎ᠦ ᠰᠡᠷᠭᠡᠢᠯᠡᠯᠲᠡ᠎ᠶᠢᠨ ᠠᠵᠢᠯ᠎ᠢ ᠰᠢᠰᠲᠧᠮ᠎ᠲᠠᠢ ᠪᠠᠢᠷᠢᠯᠠᠭᠤᠯᠪᠠ᠃ ᠬᠢᠩᠭᠠᠨ ᠠᠢᠮᠠᠭ᠎ᠤᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ 《 ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠤᠯᠤᠰ᠎ᠤᠨ ᠪᠠᠶᠠᠷ᠎ᠤᠨ ᠠᠮᠠᠷᠠᠯᠲᠠ ᠪᠣᠯᠣᠨ ᠳᠥᠷᠪᠡᠳᠦᠭᠡᠷ ᠤᠯᠠᠷᠢᠯ᠎ᠤᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠦᠨᠡᠨ ᠬᠦ᠌ ᠰᠠᠢᠲᠤᠷ ᠬᠢᠬᠦ ᠲᠤᠬᠠᠢ ᠮᠡᠳᠡᠭᠳᠡᠯ 》᠎ᠢ ᠳᠠᠷᠤᠮᠠᠯᠯᠠᠨ ᠲᠠᠷᠬᠠᠭᠠᠵᠤ ᠂ ᠠᠵᠢᠯ᠎ᠤᠨ ᠱᠠᠭᠠᠷᠳᠠᠯᠭ᠎ᠠ᠎ᠶᠢ ᠤᠯᠠᠮ ᠴᠢᠨᠠᠭᠰᠢᠳᠠ ᠲᠣᠳᠣᠷᠬᠠᠢᠯᠠᠵᠤ ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠂ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ ᠪᠣᠯᠣᠨ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠪᠠ᠃ 

ᠵᠠᠳᠠᠯᠤᠨ ᠰᠤᠳᠤᠯᠵᠤ ᠮᠠᠭᠠᠳᠯᠠᠬᠤ᠎ᠪᠠᠨ ᠴᠢᠩᠭᠠᠳᠬᠠᠵᠤ ᠂ ᠰᠡᠷᠭᠡᠢᠯᠡᠬᠦ ᠠᠷᠭ᠎ᠠ ᠬᠡᠮᠵᠢᠶ᠎ᠡ᠎ᠶᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠬᠤ ᠬᠡᠷᠡᠭᠲᠡᠢ᠃ ᠪᠠᠶᠠᠷ᠎ᠤᠨ ᠡᠳᠦᠷ᠎ᠡᠴᠡ ᠡᠮᠦᠨ᠎ᠡ ᠂ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠣᠯᠠᠨ ᠲᠦᠮᠡᠨ᠎ᠦ ᠶᠠᠪᠤᠵᠤ ᠰᠠᠭᠤᠬᠤ ᠨᠢ ᠣᠯᠠᠰᠢᠷᠠᠵᠤ ᠂ ᠦᠢᠯᠡᠳᠪᠦᠷᠢᠯᠡᠯ ᠡᠵᠡᠩᠨᠡᠯᠲᠡ ᠨᠢ ᠬᠥᠭᠵᠢᠯ ᠪᠠᠳᠠᠷᠠᠩᠭᠤᠢ ᠂ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠵᠡᠷᠭᠡ ᠤᠯᠠᠷᠢᠯ᠎ᠤᠨ ᠴᠢᠨᠠᠷᠲᠠᠢ ᠣᠨᠴᠠᠯᠢᠭ᠋᠎ᠲᠤ ᠴᠢᠭᠯᠡᠭᠦᠯᠦᠨ ᠂ ᠬᠢᠩᠭᠠᠨ ᠠᠢᠮᠠᠭ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ 《 ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠤᠯᠤᠰ᠎ᠤᠨ ᠪᠠᠶᠠᠷ᠎ᠤᠨ ᠠᠮᠠᠷᠠᠯᠲᠠ ᠪᠠ ᠳᠥᠷᠪᠡᠳᠦᠭᠡᠷ ᠤᠯᠠᠷᠢᠯ᠎ᠤᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠶᠡᠷᠦᠩᠬᠡᠢᠯᠡᠨ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ ᠲᠤᠬᠠᠢ ᠮᠡᠳᠡᠭᠳᠡᠯ 》 ᠎ᠢ ᠳᠠᠷᠤᠮᠠᠯᠯᠠᠨ ᠲᠠᠷᠬᠠᠭᠠᠵᠤ ᠂ ᠵᠢᠭᠤᠯᠴᠢᠯᠠᠯ ᠂ ᠭᠠᠯ ᠰᠡᠷᠭᠡᠢᠯᠡᠵᠦ ᠭᠠᠯ ᠤᠨᠲᠠᠷᠠᠭᠠᠬᠤ ᠂ ᠵᠠᠮ ᠲᠡᠭᠡᠭᠡᠪᠦᠷᠢ ᠂ ᠪᠠᠷᠢᠯᠭ᠎ᠠ ᠪᠠᠷᠢᠬᠤ ᠂ ᠣᠶ ᠰᠢᠭᠤᠢ ᠨᠤᠲᠤᠭ ᠪᠡᠯᠴᠢᠭᠡᠷ ᠵᠡᠷᠭᠡ 11 ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠣᠳᠣᠬᠠᠨ᠎ᠤ ᠬᠤᠭᠤᠴᠠᠭᠠᠨ᠎ᠤ ᠭᠣᠣᠯᠳᠠᠯᠭ᠎ᠠ᠎ᠲᠠᠢ ᠪᠤᠶᠤ ᠲᠣᠪᠣᠢᠮ᠎ᠠ ᠠᠶᠤᠯ ᠲᠦᠭᠰᠢᠭᠦᠷᠢ᠎ᠶᠢᠨ ᠪᠠᠢᠳᠠᠯ᠎ᠢ ᠣᠨᠣᠪᠴᠢᠲᠠᠶ ᠰᠤᠳᠤᠯᠤᠨ ᠮᠠᠭᠠᠳᠯᠠᠵᠤ ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠬᠤ᠎ᠶᠢᠨ ᠬᠠᠮᠲᠤ ᠨᠠᠢᠳᠠᠪᠤᠷᠢᠵᠢᠭᠤᠯᠬᠤ ᠬᠡᠷᠡᠭᠲᠡᠢ᠃ ᠲᠡᠷᠡᠴᠢᠯᠡᠨ ᠡᠯ᠎ᠡ ᠠᠵᠢᠯ ᠲᠥᠷᠥᠯ᠎ᠦᠨ ᠰᠠᠯᠠᠭ᠎ᠠ ᠮᠥᠴᠢᠷ᠎ᠦᠳ 《 ᠮᠡᠳᠡᠭᠳᠡᠯ 》 ᠎ᠢ ᠡᠯ᠎ᠡ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠡ᠎ᠳᠦ ᠴᠠᠭ ᠲᠤᠬᠠᠢ ᠳ᠋ᠤᠨᠢ ᠳᠠᠮᠵᠢᠭᠤᠯᠵᠤ ᠂ ᠠᠵᠤ ᠠᠬᠤᠢᠯᠠᠯ᠎ᠤᠨ ᠲᠦᠭᠰᠢᠭᠦᠷᠢ᠎ᠶᠢᠨ ᠦᠵᠡᠯ ᠤᠬᠠᠮᠰᠠᠷ᠎ᠢᠶᠠᠨ ᠴᠢᠩᠭᠠᠳᠬᠠᠬᠤ᠎ᠶᠢ ᠰᠢᠮᠳᠠᠭᠤᠯᠵᠤ ᠂ ᠲᠦᠭᠰᠢᠭᠦᠷᠢ ᠨᠢ ᠳᠠᠯᠳᠠ ᠬᠡᠮ ᠪᠣᠯᠵᠤ ᠂ ᠳᠠᠯᠳᠠ ᠬᠡᠮ ᠨᠢ ᠠᠳᠠᠯ ᠪᠣᠯᠬᠤ᠎ᠠᠴᠠ ᠰᠡᠷᠭᠡᠢᠯᠡᠬᠦ ᠬᠡᠷᠡᠭᠲᠡᠢ᠃ 

ᠬᠢᠨᠠᠨ ᠵᠢᠯᠤᠭᠣᠳᠴᠤ ᠪᠠᠢᠴᠠᠭᠠᠬᠤ᠎ᠶᠢ ᠴᠢᠩᠭᠠᠳᠬᠠᠵᠤ ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠨ᠎ᠠ᠃ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠬᠤᠭᠤᠴᠠᠭᠠᠨ᠎ᠳᠤ ᠂ 《 ᠠᠢᠮᠠᠭ᠎ᠤᠨ ᠱᠠᠲᠤᠨ᠎ᠤ ᠰᠠᠯᠠᠭ᠎ᠠ ᠮᠥᠴᠢᠷ᠎ᠦᠨ ᠲᠣᠭᠣᠷᠢᠨ ᠪᠠᠢᠴᠠᠭᠠᠯᠲᠠ + ᠬᠣᠰᠢᠭᠤ ᠰᠢᠶᠠᠨ ᠬᠣᠲᠠ᠎ᠶᠢ ᠪᠦᠷᠢᠨ ᠪᠦᠷᠬᠦᠭᠦᠯᠬᠦ ᠪᠠᠢᠴᠠᠭᠠᠯᠲᠠ 》 ᠎ᠶᠢᠨ ᠬᠡᠯᠪᠡᠷᠢ᠎ᠪᠡᠷ ᠪᠥᠬᠥ ᠲᠠᠯ᠎ᠠ᠎ᠶᠢᠨ ᠬᠢᠨᠠᠨ ᠵᠢᠯᠣᠭᠣᠳᠤᠯᠭ᠎ᠠ ᠪᠠᠢᠴᠠᠭᠠᠯᠲᠠ ᠥᠷᠨᠢᠭᠦᠯᠦᠨ᠎ᠡ᠃ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠂ ᠵᠠᠮ ᠬᠠᠷᠢᠯᠴᠠᠭ᠎ᠠ ᠂ ᠪᠠᠴᠢᠮ ᠪᠠᠢᠳᠠᠯ᠎ᠢ ᠠᠷᠭᠠᠴᠠᠬᠤ ᠂ ᠰᠣᠶᠣᠯ ᠵᠢᠭᠤᠯᠴᠢᠯᠠᠯ ᠂ ᠣᠶ ᠰᠢᠭᠤᠢ ᠨᠤᠲᠤᠭ ᠪᠡᠯᠴᠢᠭᠡᠷ ᠂ ᠭᠠᠯ ᠰᠡᠷᠭᠡᠢᠯᠡᠵᠦ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠨᠡᠶ᠋ᠢᠲᠡ 57 ᠠᠵᠢᠯᠯᠠᠬᠤ ᠳᠤᠭᠤᠢᠯᠠᠩ 430 ᠬᠥᠮᠥᠨ ᠲᠣᠮᠢᠯᠠᠵᠤ ᠂ ᠡᠯ᠎ᠡ ᠬᠣᠰᠢᠭᠤ ᠰᠢᠶᠠᠨ ᠬᠣᠲᠠ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠪᠠᠶᠠᠷ ᠪᠠ ᠤᠯᠤᠰ᠎ᠤᠨ ᠪᠠᠶᠠᠷ᠎ᠤᠨ ᠬᠤᠭᠤᠴᠠᠭᠠᠨ᠎ᠳᠠᠬᠢ ᠠᠮᠤᠷ ᠲᠦᠪᠰᠢᠨ᠎ᠦ ᠰᠡᠷᠭᠡᠢᠯᠡᠯᠲᠡ᠎ᠶᠢᠨ ᠠᠵᠢᠯ᠎ᠢ ᠪᠠᠢᠷᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠎ᠢ ᠰᠢᠮᠳᠠᠭᠤᠯᠤᠨ ᠪᠠᠢᠴᠠᠭᠠᠵᠤ ᠂ ᠡᠨᠡ ᠬᠤᠭᠤᠴᠠᠭᠠᠨ᠎ᠳᠤ ᠠᠵᠤ ᠠᠬᠤᠢᠯᠠᠯ ᠂ ᠨᠢᠭᠡᠴᠡ ᠂ ᠲᠠᠯᠠᠪᠤᠷ ᠭᠠᠵᠠᠷ᠎ᠢ 254 ᠡᠷᠦᠬᠡ ᠤᠳᠠᠭ᠎ᠠ ᠰᠤᠭᠤᠴᠢᠨ ᠪᠠᠢᠴᠠᠭᠠᠵᠤ ᠂ ᠡᠯ᠎ᠡ ᠲᠥᠷᠥᠯ᠎ᠦᠨ ᠠᠰᠠᠭᠤᠳᠠᠯ᠎ᠤᠨ ᠳᠠᠯᠳᠠ ᠬᠡᠮ᠎ᠢ 289 ᠢᠯᠡᠷᠡᠭᠦᠯᠵᠦ ᠂ 231 ᠵᠦᠢᠯ᠎ᠢ ᠨᠢ ᠴᠡᠭᠴᠡᠯᠡᠨ ᠰᠠᠢᠵᠢᠷᠠᠭᠤᠯᠪᠠ᠃ ᠡᠯ᠎ᠡ ᠬᠣᠰᠢᠭᠤ ᠰᠢᠶᠠᠨ ᠬᠣᠲᠠ ᠨᠡᠶ᠋ᠢᠲᠡ 240 ᠪᠠᠢᠴᠠᠭᠠᠬᠤ ᠳᠤᠭᠤᠢᠯᠠᠩ 1227 ᠬᠥᠮᠥᠨ᠎ᠢ ᠵᠣᠬᠢᠶᠠᠨ ᠪᠠᠢᠭᠤᠯᠵᠤ ᠂ ᠲᠣᠰ ᠬᠠᠷᠢᠶ᠎ᠠ ᠣᠷᠣᠨ᠎ᠤ ᠠᠶᠤᠯ ᠦᠭᠡᠢ ᠦᠢᠯᠡᠳᠪᠦᠷᠢᠯᠡᠯ᠎ᠦᠨ ᠠᠵᠢᠯ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ ᠪᠠ ᠪᠠᠭᠤᠷᠠᠢ ᠭᠣᠭᠴᠣᠭ᠎ᠠ᠎ᠶᠢ ᠭᠦᠨᠵᠡᠭᠡᠢ ᠵᠢᠭ᠍ᠰᠠᠭᠠᠨ ᠪᠠᠢᠴᠠᠭᠠᠵᠤ ᠂ ᠭᠣᠣᠯᠳᠠᠯᠭ᠎ᠠ᠎ᠲᠠᠢ ᠠᠵᠤ ᠠᠬᠤᠢᠯᠠᠯ ᠂ ᠨᠢᠭᠡᠴᠡ ᠂ ᠲᠠᠯᠠᠪᠤᠷ ᠭᠠᠵᠠᠷ᠎ᠢ ᠨᠡᠶ᠋ᠢᠲᠡ 3268 ᠡᠷᠦᠬᠡ ᠤᠳᠠᠭ᠎ᠠ ᠪᠠᠢᠴᠠᠭᠠᠵᠤ ᠂ 902 ᠵᠦᠢᠯ᠎ᠦᠨ ᠠᠰᠠᠭᠤᠳᠠᠯ ᠬᠡᠮ ᠰᠣᠭᠣᠭ᠎ᠢ ᠢᠯᠡᠷᠡᠭᠦᠯᠵᠦ ᠂ 766 ᠵᠦᠢᠯ᠎ᠢ ᠴᠡᠭᠴᠡᠯᠡᠨ ᠰᠠᠢᠵᠢᠷᠠᠭᠤᠯᠪᠠ᠃ 

ᠵᠢᠵᠢᠭᠦᠷᠯᠡᠨ ᠰᠠᠬᠢᠬᠤ᠎ᠶᠢ ᠴᠢᠩᠭᠠᠷᠠᠭᠤᠯᠵᠤ ᠂ ᠪᠠᠴᠢᠮ ᠪᠠᠢᠳᠠᠯ᠎ᠢ ᠠᠷᠭᠠᠴᠠᠬᠤ ᠪᠠᠢᠳᠠᠯ᠎ᠢ ᠴᠠᠭ ᠢᠮᠠᠭᠲᠠ ᠪᠠᠲᠤᠯᠠᠬᠤ ᠬᠡᠷᠡᠭᠲᠡᠢ᠃ ᠬᠢᠩᠭᠠᠨ ᠠᠢᠮᠠᠭ᠎ᠤᠨ ᠡᠯ᠎ᠡ ᠱᠠᠲᠤ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠪᠠᠴᠢᠮ ᠪᠠᠢᠳᠠᠯ᠎ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ᠎ᠤᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ ᠂ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠂ ᠪᠠᠴᠢᠮ ᠪᠠᠢᠳᠠᠯ᠎ᠢ ᠠᠷᠭᠠᠴᠠᠬᠤ ᠰᠠᠯᠠᠭ᠎ᠠ ᠮᠥᠴᠢᠷ᠎ᠦᠳ ᠬᠠᠷᠠᠭᠠᠨ ᠳᠠᠪᠲᠠᠮᠵᠢ᠎ᠪᠠᠷ ᠬᠠᠷᠢᠯᠴᠠᠬᠤ ᠠᠷᠭ᠎ᠠ ᠮᠠᠶᠢᠭ᠋᠎ᠢᠶᠠᠷ ᠳᠠᠮᠵᠢᠭᠤᠯᠤᠨ ᠂ ᠵᠢᠵᠢᠭᠦᠷᠯᠡᠭᠰᠡᠨ ᠪᠠᠢᠳᠠᠯ᠎ᠢ ᠡᠳᠦᠷ ᠪᠦᠷᠢ ᠲᠣᠭᠲᠠᠭᠰᠠᠨ ᠴᠠᠭ ᠦᠭᠡᠢ᠎ᠪᠡᠷ ᠰᠤᠭᠤᠴᠢᠨ ᠪᠠᠢᠴᠠᠭᠠᠵᠤ ᠂ ᠪᠠᠢᠴᠠᠭᠠᠵᠤ ᠰᠢᠮᠳᠠᠭᠤᠯᠬᠤ᠎ᠶᠢ ᠦᠨᠡᠨᠬᠦ ᠪᠠᠲᠤᠯᠠᠬᠤ᠎ᠶᠢᠨ ᠬᠠᠮᠲᠤ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠬᠦᠴᠦᠨ᠎ᠦ ᠤᠷᠢᠳᠠᠴᠢ ᠪᠠᠢᠷᠢᠯᠠᠭᠤᠯᠤᠯᠲᠠ᠎ᠶᠢ ᠰᠠᠢᠲᠤᠷ ᠬᠢᠬᠦ ᠬᠡᠷᠡᠭᠲᠡᠢ᠃ ᠣᠶ ᠰᠢᠭᠤᠢ᠎ᠶᠢᠨ ᠭᠠᠯ ᠰᠡᠷᠭᠡᠢᠯᠡᠬᠦ ᠲᠠᠯ᠎ᠠ᠎ᠪᠠᠷ ᠂ ᠬᠢᠩᠭᠠᠨ ᠠᠢᠮᠠᠭ᠎ᠲᠤ ᠭᠠᠯ ᠰᠡᠷᠭᠡᠢᠯᠡᠬᠦ ᠪᠠᠢᠴᠠᠭᠠᠯᠲᠠ᠎ᠶᠢᠨ ᠥᠷᠲᠡᠭᠡ ᠂ ᠲᠦᠷ ᠴᠠᠭ᠎ᠤᠨ 520 ᠬᠣᠷᠢᠭ᠎ᠠ ᠴᠡᠭ ᠭᠠᠷᠭᠠᠵᠤ ᠂ ᠡᠮᠦᠨ᠎ᠡ ᠹᠷᠣᠨᠲ᠎ᠲᠤ ᠰᠡᠷᠭᠡᠢᠯᠡᠨ ᠬᠠᠮᠠᠭᠠᠯᠠᠬᠤ ᠲᠤᠰᠬᠠᠢ ᠬᠠᠮᠢᠶᠠᠷᠬᠤ ᠬᠦᠴᠦᠨ᠎ᠢ 4 . 8 ᠲᠦᠮᠡᠨ ᠬᠥᠮᠥᠨ ᠤᠳᠠᠭ᠎ᠠ ᠪᠠᠢᠷᠢᠯᠠᠭᠤᠯᠵᠤ ᠂ ᠬᠢᠩᠭᠠᠨ ᠠᠢᠮᠠᠭ᠎ᠲᠤ ᠣᠶ ᠰᠢᠭᠤᠢ᠎ᠶᠢᠨ ᠭᠠᠯ᠎ᠤᠨ ᠠᠶᠤᠯ᠎ᠤᠨ ᠡᠨᠳᠡᠯ ᠭᠠᠷᠤᠭᠰᠠᠨ ᠦᠭᠡᠢ᠃ ᠬᠢᠩᠭᠠᠨ ᠠᠢᠮᠠᠭ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠎ᠶᠢᠨ ᠬᠢᠨ ᠴᠢᠬᠤᠯᠠ ᠬᠤᠳᠠᠯᠳᠤᠭᠠᠨ᠎ᠤ ᠲᠣᠭᠣᠷᠢᠭ᠋ ᠂ ᠲᠣᠮᠣ᠌ ᠬᠡᠯᠪᠡᠷᠢ᠎ᠶᠢᠨ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠪᠡᠯᠡᠳᠬᠡᠯ ᠠᠵᠢᠯ᠎ᠤᠨ ᠴᠡᠭ ᠭᠠᠷᠭᠠᠵᠤ ᠂ 《 ᠬᠣᠣᠰ ᠪᠠᠶᠠᠷ 》 ᠎ᠤᠨ ᠬᠤᠭᠤᠴᠠᠭᠠᠨ᠎ᠳᠤ ᠨᠡᠶ᠋ᠢᠲᠡ 35 ᠲᠡᠷᠭᠡ ᠬᠥᠰᠬᠡ ᠂ 195 ᠬᠥᠮᠥᠨ ᠤᠳᠠᠭ᠎ᠠ ᠬᠥᠳᠡᠯᠭᠡᠵᠦ ᠂ 4 ᠬᠥᠮᠥᠨ ᠤᠳᠠᠭ᠎ᠠ ᠬᠣᠷᠢᠭ᠍ᠳᠠᠭᠰᠠᠨ ᠬᠥᠮᠥᠰ᠎ᠢ ᠠᠪᠤᠷᠠᠪᠠ᠃ ᠬᠢᠩᠭᠠᠨ ᠠᠢᠮᠠᠭ᠎ᠤᠨ ᠵᠠᠮ ᠬᠠᠷᠢᠯᠴᠠᠭᠠᠨ᠎ᠤ ᠴᠠᠭᠳᠠᠭᠠᠨ᠎ᠤ ᠰᠠᠯᠠᠭ᠎ᠠ ᠮᠥᠴᠢᠷ 2300 ᠭᠠᠷᠤᠢ ᠴᠠᠭᠳᠠᠭᠠᠨ᠎ᠤ ᠬᠦᠴᠦᠨ ᠂ 800 ᠭᠠᠷᠤᠢ ᠴᠠᠭᠳᠠᠭᠠᠨ᠎ᠤ ᠲᠡᠷᠭᠡ ᠬᠥᠳᠡᠯᠭᠡᠵᠦ ᠂ ᠵᠠᠮ ᠬᠠᠷᠢᠯᠴᠠᠭᠠᠨ᠎ᠤ ᠴᠠᠭᠳᠠᠭᠠᠨ᠎ᠤ ᠬᠠᠤᠯᠢ ᠬᠡᠷᠡᠭᠵᠢᠭᠦᠯᠬᠦ ᠥᠷᠲᠡᠭᠡ᠎ᠶᠢ 20 ᠪᠠᠢᠭᠤᠯᠵᠤ ᠂ ᠲᠦᠷ ᠴᠠᠭ᠎ᠤᠨ ᠡᠭᠦᠷᠭᠡ ᠭᠦᠢᠴᠡᠳᠬᠡᠬᠦ ᠴᠡᠭ 27 ᠭᠠᠷᠭᠠᠵᠠᠢ᠃ 

ᠲᠠᠷᠠᠭᠠᠴᠢ᠎ᠶᠢᠨ ᠠᠯᠬᠤᠮ᠎ᠳᠤ ᠂ ᠬᠢᠩᠭᠠᠨ ᠠᠢᠮᠠᠭ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ᠎ᠡᠴᠡ ᠡᠯ᠎ᠡ ᠭᠠᠵᠠᠷ ᠂ ᠡᠯ᠎ᠡ ᠠᠵᠢᠯ ᠲᠥᠷᠥᠯ᠎ᠦᠨ ᠬᠦᠷᠢᠶᠡᠨ᠎ᠦ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠡ᠎ᠶᠢ ᠬᠢᠨᠠᠨ ᠵᠢᠯᠤᠭᠣᠳᠴᠤ ᠪᠠᠢᠴᠠᠭᠠᠬᠤ ᠠᠵᠢᠯ᠎ᠢ ᠦᠷᠭᠦᠯᠵᠢᠯᠡᠨ ᠵᠣᠬᠢᠶᠠᠨ ᠪᠠᠢᠭᠤᠯᠵᠤ ᠂ ᠳᠠᠯᠳᠠ ᠬᠡᠮ᠎ᠢ ᠴᠠᠭ ᠲᠤᠬᠠᠢ ᠳ᠋ᠤᠨᠢ ᠠᠷᠢᠯᠭᠠᠵᠤ ᠂ ᠠᠶᠤᠯ ᠦᠭᠡᠢ ᠦᠢᠯᠡᠳᠪᠦᠷᠢᠯᠡᠯ᠎ᠦᠨ ᠪᠠᠢᠳᠠᠯ᠎ᠤᠨ ᠲᠣᠭᠲᠠᠭᠤᠨ ᠪᠠᠢᠬᠤ᠎ᠶᠢ ᠦᠨᠡᠨ ᠬᠦ᠌ ᠪᠠᠲᠤᠯᠠᠨ᠎ᠠ᠃

ᠢᠷᠡᠯᠲᠡ᠄          
          
ᠬᠠᠮᠢᠶ᠎ᠡ ᠪᠦᠬᠦᠢ ᠰᠣᠨᠢᠨ
 
            