ᠣᠳᠣᠬᠠᠨ᠎ᠤ ᠠᠶᠤᠯᠭᠦᠢ ᠦᠢᠯᠡᠳᠪᠦᠷᠢᠯᠡᠯ᠎ᠦᠨ ᠪᠠᠢᠳᠠᠯ᠎ᠢ ᠣᠨᠣᠪᠴᠢᠲᠠᠶ ᠰᠤᠳᠤᠯᠤᠨ ᠮᠠᠭᠠᠳᠯᠠᠬᠤ᠎ᠶᠢᠨ ᠲᠥᠯᠥᠭᠡ᠂ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ᠂ ᠠᠶᠤᠯᠲᠠᠢ ᠬᠢᠮᠢ᠎ᠶᠢᠨ ᠪᠣᠳᠠᠰ᠎ᠢ ᠪᠠᠲᠤᠯᠠᠬᠤ᠂ ᠲᠡᠮᠦᠷᠯᠢᠭ ᠬᠠᠢᠯᠤᠭᠤᠯᠬᠤ ᠥᠩᠭᠡᠲᠦ ᠲᠡᠮᠦᠷᠯᠢᠭ ᠵᠢᠴᠢ ᠬᠤᠸᠠᠷ ᠫᠤᠤᠵᠢᠩ᠎ᠤᠨ ᠬᠦᠷᠢᠶᠡᠨ᠎ᠳᠡᠬᠢ ᠠᠶᠤᠯᠭᠦᠢ ᠦᠢᠯᠡᠳᠪᠦᠷᠢᠯᠡᠯ᠎ᠦᠨ ᠪᠠᠢᠳᠠᠯ ᠦᠷᠭᠦᠯᠵᠢᠯᠡᠨ ᠲᠣᠭᠲᠠᠭᠤᠨ ᠪᠠᠢᠨ᠎ᠠ᠂ 10 ᠰᠠᠷ᠎ᠠ᠎ᠶᠢᠨ 20 ᠤ ᠡᠳᠦᠷ᠎ᠦᠨ ᠦᠳᠡ᠎ᠶᠢᠨ ᠬᠣᠢᠨ᠎ᠠ᠂ ᠤᠯᠠᠭᠠᠨᠬᠠᠳᠠ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ ᠲᠣᠰ ᠬᠦᠷᠢᠶᠡᠨ᠎ᠳᠡᠬᠢ ᠠᠶᠤᠯ ᠦᠭᠡᠢ ᠦᠢᠯᠡᠳᠪᠦᠷᠢᠯᠡᠯ᠎ᠦᠨ ᠪᠠᠢᠳᠠᠯ᠎ᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠬᠤᠷᠠᠯ᠎ᠢ ᠲᠤᠰᠬᠠᠢ ᠰᠡᠳᠦᠪ᠎ᠢᠶᠡᠷ ᠵᠣᠬᠢᠶᠠᠨ ᠪᠠᠢᠭᠤᠯᠤᠨ ᠬᠤᠷᠠᠯᠳᠤᠭᠤᠯᠪᠠ᠂ ᠦᠷ᠎ᠡ᠎ᠶᠢᠨ ᠬᠤᠭᠤᠴᠠᠭᠠᠨ᠎ᠤ ᠠᠶᠤᠯᠲᠠᠢ ᠬᠢᠮᠢ᠎ᠶᠢᠨ ᠪᠣᠳᠠᠰ᠎ᠤᠨ ᠲᠣᠭᠣᠷᠢᠨ᠎ᠳᠤ᠂ ᠲᠡᠮᠦᠷᠯᠢᠭ ᠬᠠᠢᠯᠤᠭᠤᠯᠬᠤ ᠥᠩᠭᠡᠲᠦ ᠲᠡᠮᠦᠷᠯᠢᠭ ᠵᠢᠴᠢ ᠬᠤᠸᠠᠷ ᠫᠤᠤᠵᠢᠩ᠎ᠤᠨ ᠬᠦᠷᠢᠶᠡᠨ᠎ᠳᠡᠬᠢ ᠬᠦᠨᠳᠦ ᠶᠡᠬᠡ ᠠᠶᠤᠯ᠎ᠤᠨ ᠡᠬᠢ ᠰᠤᠷᠪᠤᠯᠵᠢ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠂ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠳᠠᠯᠳᠠ ᠭᠡᠮ᠎ᠢ ᠵᠢᠭ᠍ᠰᠠᠭᠠᠨ ᠪᠠᠢᠴᠠᠭᠠᠭᠰᠠᠨ ᠲᠣᠪᠣᠢᠮ᠎ᠠ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠲᠦᠯᠬᠢᠨ ᠠᠬᠢᠭᠤᠯᠪᠠ᠂ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠵᠡᠷᠭᠡ ᠠᠵᠢᠯ᠎ᠢ ᠭᠦᠨᠵᠡᠭᠡᠢ ᠵᠠᠳᠠᠯᠪᠠ᠂ ᠲᠠᠷᠠᠭᠠᠴᠢ᠎ᠶᠢᠨ ᠱᠠᠲᠤᠨ᠎ᠤ ᠬᠢᠨᠠᠯᠲᠠ ᠬᠠᠮᠢᠶᠠᠷᠤᠯᠲᠠ᠎ᠶᠢᠨ ᠭᠣᠣᠯᠳᠠᠯᠭ᠎ᠠ ᠬᠢᠭᠡᠳ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠣᠳᠣᠷᠬᠠᠢᠯᠠᠨ᠎ᠠ᠃
ᠬᠤᠷᠠᠯ᠎ᠠᠴᠠ ᠂ ᠠᠮᠤᠷ ᠲᠦᠪᠰᠢᠨ᠎ᠢ ᠠᠳᠬᠤᠵᠤ ᠂ ᠡᠨᠳᠡᠯ᠎ᠢ ᠰᠡᠷᠭᠡᠢᠯᠡᠬᠦ ᠪᠣᠯ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲᠧᠮ᠎ᠦᠨ ᠬᠠᠮᠤᠭ᠎ᠤᠨ ᠭᠣᠣᠯ ᠡᠭᠦᠷᠭᠡ ᠬᠠᠷᠢᠭᠤᠴᠠᠯᠭ᠎ᠠ ᠮᠥᠨ ᠂ ᠨᠡᠩ ᠴᠤ᠌ ᠡᠷᠬᠡᠪᠰᠢ ᠪᠠᠲᠤ ᠰᠠᠬᠢᠬᠤ ᠠᠵᠢᠯ᠎ᠤᠨ ᠬᠣᠷᠢᠭ᠎ᠠ ᠱᠤᠭᠤᠮ ᠮᠥᠨ᠃ ᠣᠳᠣᠬᠠᠨ᠎ᠳᠤ ᠠᠶᠤᠯᠭᠦᠢ ᠦᠢᠯᠡᠳᠪᠦᠷᠢᠯᠡᠯ᠎ᠦᠨ ᠪᠠᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠢᠨ᠎ᠠ ᠂ ᠰᠠᠨᠠᠭᠠᠴᠢᠯᠠᠭ᠎ᠠ᠎ᠠᠴᠠ᠎ᠪᠠᠨ ᠬᠤᠪᠢᠷᠠᠯᠲᠠ᠎ᠶᠢ ᠲᠠᠨᠢᠵᠤ ᠂ ᠬᠤᠪᠢᠷᠠᠯᠲᠠ᠎ᠶᠢ ᠠᠷᠭᠠᠴᠠᠭᠠᠨ ᠂ ᠬᠤᠪᠢᠷᠠᠯᠲᠠ᠎ᠶᠢ ᠡᠷᠢᠯᠬᠢᠯᠡᠵᠦ ᠂ ᠴᠠᠭ ᠲᠤᠬᠠᠢ ᠳ᠋ᠤᠨᠢ ᠠᠵᠢᠯ᠎ᠤᠨ ᠰᠡᠳᠬᠢᠴᠡ᠎ᠳᠡᠭᠡᠨ ᠲᠣᠬᠢᠷᠠᠭᠤᠯᠤᠯᠲᠠ ᠬᠢᠵᠦ ᠂ ᠠᠵᠢᠯ᠎ᠤᠨ ᠰᠡᠳᠬᠢᠴᠡ᠎ᠪᠡᠨ ᠬᠤᠪᠢᠷᠠᠭᠤᠯᠤᠨ ᠂ ᠬᠦᠴᠢᠷ ᠠᠰᠠᠭᠤᠳᠠᠯ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠦᠨ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠡᠪᠡᠳᠴᠢᠨ ᠳ᠋ᠦ᠍ᠨᠢ ᠲᠣᠬᠢᠷᠠᠭᠤᠯᠤᠨ ᠡᠮ ᠥᠭᠴᠦ ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠠᠶᠤᠯᠭᠦᠢ ᠦᠢᠯᠡᠳᠪᠦᠷᠢᠯᠡᠯ᠎ᠦᠨ ᠰᠡᠷᠭᠡᠢᠯᠡᠯᠲᠡ᠎ᠶᠢᠨ ᠱᠤᠭᠤᠮ᠎ᠢ ᠪᠦᠬᠦ ᠬᠦᠴᠦᠨ᠎ᠢᠶᠡᠷ᠎ᠢᠶᠡᠨ ᠪᠡᠬᠢᠵᠢᠭᠦᠯᠵᠦ ᠂ ᠬᠦᠨᠳᠦ ᠣᠨᠴᠠ ᠶᠡᠬᠡ ᠡᠨᠳᠡᠯ ᠦᠯᠦ ᠭᠠᠷᠭᠠᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃
ᠬᠤᠷᠠᠯ᠎ᠠᠴᠠ ᠂ ᠨᠢᠭᠡ᠎ᠳᠦ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠠᠵᠢᠯ ᠲᠥᠷᠥᠯ᠎ᠦᠨ ᠪᠠᠷᠢᠮᠵᠢᠶ᠎ᠠ᠎ᠶᠢ ᠰᠤᠷᠤᠯᠴᠠᠨ ᠬᠡᠷᠡᠭᠯᠡᠬᠦ᠎ᠶᠢ ᠴᠢᠩᠭᠠᠳᠬᠠᠵᠤ ᠂ ᠣᠳᠣᠬᠠᠨ᠎ᠤ ᠠᠶᠤᠯᠲᠠᠢ ᠬᠢᠮᠢ᠎ᠶᠢᠨ ᠪᠣᠳᠠᠰ᠎ᠤᠨ ᠬᠦᠷᠢᠶᠡᠨ᠎ᠳᠡᠬᠢ ᠠᠮᠤᠷ ᠲᠦᠪᠰᠢᠨ᠎ᠦ ᠪᠠᠢᠳᠠᠯ᠎ᠢ ᠰᠡᠷᠭᠡᠭ᠎ᠢᠶᠡᠷ ᠰᠤᠳᠤᠯᠤᠨ ᠮᠠᠭᠠᠳᠯᠠᠬᠤ ᠬᠡᠷᠡᠭᠲᠡᠢ; 《 ᠬᠠᠤᠯᠢ᠎ᠶᠢ ᠴᠢᠩᠭ᠎ᠠ ᠬᠡᠷᠡᠭᠵᠢᠭᠦᠯᠬᠦ + ᠦᠢᠯᠡᠴᠢᠯᠡᠭᠡ 》 ᠶᠢᠨ ᠬᠣᠣᠰ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ ᠂ ᠬᠡᠰᠡᠭ ᠠᠵᠤ ᠠᠬᠤᠢᠯᠠᠯ᠎ᠤᠨ ᠪᠥᠬᠥ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠬᠦᠷᠦᠯᠴᠡᠬᠦ ᠦᠭᠡᠢ ᠪᠠᠢᠬᠤ ᠂ ᠳᠦᠷᠢᠮ᠎ᠢ ᠬᠡᠷᠡᠭᠵᠢᠭᠦᠯᠬᠦ᠎ᠳᠦ ᠳᠤᠲᠠᠭᠤ ᠲᠣᠷᠭᠣᠨ ᠪᠠᠢᠬᠤ ᠂ ᠠᠮᠤᠷ ᠲᠦᠪᠰᠢᠨ᠎ᠦ ᠳᠠᠷᠤᠯᠲᠠ᠎ᠶᠢ ᠦᠨᠳᠦᠰᠦᠨ ᠱᠠᠲᠤᠨ᠎ᠳᠤ ᠬᠦᠷᠲᠡᠯ᠎ᠡ ᠳᠠᠮᠵᠢᠭᠤᠯᠬᠤ ᠦᠭᠡᠢ ᠪᠠᠢᠬᠤ ᠪᠠᠢᠳᠠᠯ᠎ᠢ ᠬᠦᠴᠦᠯᠡᠨ ᠬᠤᠪᠢᠷᠠᠭᠤᠯᠬᠤ ᠴᠢᠬᠤᠯᠠᠲᠠᠢ᠃ ᠬᠣᠶᠠᠷ᠎ᠲᠤ ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠴᠢᠩᠭ᠎ᠠ ᠠᠳᠬᠤᠵᠤ ᠂ ᠡᠯ᠎ᠡ ᠱᠠᠲᠤᠨ᠎ᠤ ᠪᠠᠢᠴᠠᠭᠠᠵᠤ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠬᠡᠮ ᠰᠣᠭᠣᠭ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠠᠵᠤ ᠠᠬᠤᠢᠯᠠᠯ᠎ᠢ ᠱᠠᠯᠠᠪᠳᠠᠭᠤᠯᠤᠨ ᠬᠡᠷᠡᠭᠵᠢᠭᠦᠯᠵᠦ ᠪᠣᠯᠬᠤᠢᠴᠠ ᠨᠠᠷᠢᠨ ᠪᠣᠳᠠᠲᠠᠢ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠠᠵᠢᠯ᠎ᠤᠨ ᠲᠥᠯᠥᠪᠯᠡᠭᠡ ᠲᠣᠭᠲᠠᠭᠠᠵᠤ ᠂ ᠴᠠᠭ᠎ᠤᠨ ᠬᠢᠵᠠᠭᠠᠷ᠎ᠢ ᠲᠣᠳᠣᠷᠬᠠᠢᠯᠠᠨ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ ᠬᠡᠷᠡᠭᠲᠡᠢ; ᠡᠭᠦᠨ᠎ᠦ ᠬᠠᠮᠲᠤ ᠬᠣᠰᠢᠭᠤ ᠰᠢᠶᠠᠨ ᠲᠣᠭᠣᠷᠢᠭ᠋᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠵᠢᠴᠢ ᠬᠦᠷᠢᠶᠡᠯᠡᠩ ᠲᠣᠭᠣᠷᠢᠭ᠋᠎ᠤᠨ ᠬᠢᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠬᠦ᠎ᠶᠢ ᠠᠬᠢᠭᠤᠯᠵᠤ ᠂ 《 ᠡᠷᠬᠢᠨ ᠬᠠᠷᠠᠬᠤ 》 ᠠᠵᠢᠯᠯᠠᠭ᠎ᠠ᠎ᠪᠠᠷ ᠳᠡᠮᠵᠢᠨ ᠴᠢᠩᠭ᠎ᠠ ᠳᠠᠪᠲᠠᠨ ᠪᠠᠢᠴᠠᠭᠠᠵᠤ ᠰᠢᠯᠭᠠᠨ ᠠᠪᠬᠤ᠎ᠪᠠᠷ ᠳᠡᠮᠵᠢᠨ ᠂ ᠬᠡᠮ ᠰᠣᠭᠣᠭ᠎ᠲᠠᠢ ᠭᠠᠵᠠᠷ᠎ᠢ ᠪᠢᠲᠡᠭᠦᠮᠵᠢᠯᠡᠨ ᠳ᠋ᠤᠭᠠᠷ ᠬᠠᠰᠤᠬᠤ᠎ᠶᠢ ᠪᠠᠲᠤᠯᠠᠬᠤ ᠬᠡᠷᠡᠭᠲᠡᠢ᠃ ᠭᠤᠷᠪᠠ᠎ᠳᠤ ᠂ ᠲᠡᠷᠢᠭᠦᠨ᠎ᠦ ᠬᠢ ᠪᠣᠯᠬᠤ᠎ᠪᠠᠷ ᠴᠢᠷᠮᠠᠢᠵᠤ ᠰᠢᠯᠢᠳᠡᠭ᠎ᠢ ᠡᠭᠦᠳᠬᠦ ᠤᠬᠠᠮᠰᠠᠷ᠎ᠢ ᠪᠠᠲᠤ ᠪᠣᠶ ᠪᠣᠯᠭᠠᠵᠤ ᠂ ᠳᠥᠷᠪᠡᠳᠦᠭᠡᠷ ᠤᠯᠠᠷᠢᠯ᠎ᠤᠨ ᠵᠠᠩᠭᠢᠯᠠᠭ᠎ᠠ᠎ᠶᠢᠨ ᠴᠠᠭ ᠬᠤᠭᠤᠴᠠᠭ᠎ᠠ᠎ᠶᠢ ᠴᠢᠩᠭ᠎ᠠ ᠠᠳᠬᠤᠵᠤ ᠂ ᠳᠤᠲᠠᠭᠤᠳᠠᠯ᠎ᠢᠶᠠᠨ ᠣᠨᠣᠪᠴᠢᠲᠠᠶ ᠰᠢᠭ᠌ᠰᠢᠨ ᠪᠠᠢᠴᠠᠭᠠᠵᠤ ᠂ ᠳᠤᠲᠠᠭᠤᠳᠠᠯ᠎ᠢᠶᠠᠨ ᠨᠥᠬᠥᠪᠦᠷᠢᠯᠡᠵᠦ ᠂ ᠵᠢᠯ᠎ᠦᠨ ᠡᠴᠦᠰ᠎ᠦᠨ ᠰᠢᠯᠭᠠᠨ ᠪᠠᠢᠴᠠᠭᠠᠯᠲᠠ᠎ᠶᠢ ᠤᠭᠲᠤᠬᠤ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ ᠂ ᠣᠨ᠎ᠤ ᠠᠮᠤᠷ ᠲᠦᠪᠰᠢᠨ᠎ᠦ ᠰᠡᠭᠦᠯ ᠬᠤᠷᠢᠶᠠᠬᠤ ᠳᠠᠢᠯᠠᠯᠳᠤᠭᠠᠨ᠎ᠤ ᠢᠯᠠᠯᠲᠠ᠎ᠶᠢ ᠡᠷᠡᠰ ᠣᠯᠬᠤ ᠬᠡᠷᠡᠭᠲᠡᠢ᠃
ᠲᠠᠷᠠᠭᠠᠴᠢ᠎ᠶᠢᠨ ᠠᠯᠬᠤᠮ᠎ᠳᠤ ᠂ ᠤᠯᠠᠭᠠᠨᠬᠠᠳᠠ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ ᠠᠶᠤᠯᠲᠠᠢ ᠬᠢᠮᠢ᠎ᠶᠢᠨ ᠪᠣᠳᠠᠰ ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠬᠤᠸᠠᠷ ᠫᠤᠤᠵᠢᠩ ᠵᠡᠷᠭᠡ ᠬᠦᠷᠢᠶᠡᠨ᠎ᠳᠦ ᠴᠢᠭᠯᠡᠭᠦᠯᠦᠨ ᠂ 《 ᠨᠢᠭᠡ᠎ᠶᠢ ᠰᠡᠷᠭᠡᠢᠯᠡᠵᠦ ᠳᠥᠷᠪᠡ᠎ᠶᠢ ᠳᠡᠭᠡᠭᠰᠢᠯᠡᠭᠦᠯᠬᠦ 》 ᠠᠵᠢᠯ᠎ᠤᠨ ᠭᠣᠣᠯ ᠱᠤᠭᠤᠮ ᠬᠢᠭᠡᠳ 《 ᠨᠢᠭᠡ ᠶᠠᠪᠤᠳᠠᠯ 》 ᠤᠨ ᠪᠥᠬᠥ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶᠢᠨ ᠰᠡᠳᠬᠢᠴᠡ᠎ᠪᠡᠷ ᠭᠣᠣᠯᠳᠠᠯᠭ᠎ᠠ᠎ᠪᠠᠨ ᠳᠣᠪᠣᠶ᠋ᠢᠯᠭᠠᠵᠤ ᠂ ᠠᠵᠤ ᠠᠬᠤᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢ ᠯᠠᠪᠳᠠᠭᠤᠨ᠎ᠢᠶᠠᠷ ᠠᠬᠢᠭᠤᠯᠤᠨ᠎ᠠ; ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠪᠢᠲᠡᠭᠦᠮᠵᠢᠯᠡᠭᠰᠡᠨ ᠬᠠᠮᠢᠶᠠᠷᠤᠯᠲᠠ ᠂ ᠣᠨᠴᠠᠭᠠᠶ ᠠᠵᠢᠯ᠎ᠤᠨ ᠶᠠᠪᠤᠴᠠ᠎ᠶᠢᠨ ᠵᠢᠷᠤᠮᠵᠢᠯ ᠂ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠂ ᠬᠥᠮᠦᠵᠢᠯ ᠪᠣᠯᠪᠠᠰᠤᠷᠠᠭᠤᠯᠤᠯ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠭᠣᠣᠯᠳᠠᠯᠭ᠎ᠠ᠎ᠲᠠᠢ ᠴᠢᠩᠭ᠎ᠠ ᠠᠩᠬᠠᠷᠴᠤ ᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠦᠨᠡᠨ ᠬᠦ᠌ ᠪᠣᠳᠠᠲᠠᠢᠵᠢᠭᠤᠯᠵᠤ ᠂ ᠡᠯ᠎ᠡ ᠬᠦᠷᠢᠶᠡᠨ᠎ᠦ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃