ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠣᠷᠣᠨ ᠨᠤᠲᠤᠭ᠎ᠤᠨ ᠪᠠᠶ᠋ᠢᠳᠠᠯ
ᠤᠯᠠᠭ᠋ᠠᠨᠬᠠᠳᠠ ᠬᠤᠲᠠ᠄ ᠲᠠᠪᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠮᠤᠷ ᠲᠦᠪᠰᠢᠨ᠎ᠤ 《ᠺᠣᠳ᠋ ᠨᠡᠮᠡᠵᠦ》 ᠪᠠᠶ᠋ᠢᠨ᠎ᠠ! ᠠᠶᠤᠯᠲᠠᠢ ᠬᠢᠮᠢ ᠵᠢᠨ ᠠᠵᠤ ᠦᠢ᠍ᠯᠡᠳᠪᠦᠷᠢ᠂ ᠲᠡᠮᠦᠷᠯᠢᠭ ᠬᠠᠶ᠋ᠢᠯᠤᠭᠤᠯᠬᠤ ᠠᠵᠢᠯ ᠲᠦᠷᠦᠯ᠎ᠤᠨ 《ᠠᠮᠤᠷ ᠲᠦᠪᠰᠢᠨ᠎ᠤ ᠲᠡᠮᠦᠷ ᠪᠠᠮᠪᠠᠢ》 ᠵᠢ ᠪᠠᠲᠤ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2025-11-27

ᠤᠯᠠᠭᠠᠨᠬᠠᠳᠠ ᠬᠤᠲᠠ 《ᠬᠠᠷᠭᠢᠰ ᠬᠦᠴᠦᠨ᠎ᠢ ᠰᠡᠷᠭᠡᠢᠯᠡᠵᠦ᠂ ᠮᠥᠨ ᠴᠢᠨᠠᠷ᠎ᠤᠨ ᠠᠮᠤᠷ ᠲᠦᠪᠰᠢᠨ᠎ᠢ ᠳᠡᠭᠡᠭᠰᠢᠯᠡᠭᠦᠯᠭᠦ》 ᠡᠨᠡ ᠬᠦ᠌ ᠭᠣᠣᠯ ᠰᠢᠵᠢᠮ᠎ᠢ ᠴᠢᠩᠭ᠎ᠠ ᠡᠵᠡᠮᠳᠡᠵᠦ᠂ 《ᠲᠥᠷᠥᠯ ᠵᠦᠢᠯ᠎ᠢ ᠵᠥᠪᠰᠢᠶᠡᠷᠡᠨ ᠣᠷᠣᠭᠤᠯᠬᠤ ᠶ᠋ᠢ ᠴᠢᠩᠳᠠᠯᠠᠬᠤ᠂ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠶ᠋ᠢ ᠬᠠᠮᠢᠶᠠᠷᠤᠨ ᠡᠵᠡᠮᠳᠡᠬᠦ᠂ ᠲᠤᠰᠬᠠᠢ ᠴᠡᠭᠴᠡᠯᠡᠨ ᠵᠠᠰᠠᠵᠤ ᠳᠡᠭᠡᠭᠰᠢᠯᠡᠭᠦᠯᠭᠦ᠂ ᠬᠦᠷᠢᠶᠡᠯᠡᠩ ᠲᠣᠭᠣᠷᠢᠭ᠋᠎ᠢ ᠲᠠᠰ ᠳᠡᠪᠰᠢᠭᠦᠯᠬᠦ᠂ ᠠᠵᠤ ᠠᠬᠤᠢᠯᠠᠯ᠎ᠤᠨ ᠬᠠᠮᠢᠶᠠᠷᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠭᠦ》 ᠲᠠᠪᠤᠨ ᠵᠦᠢᠯ᠎ᠤᠨ ᠬᠠᠲᠠᠭᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠶᠤᠯᠲᠠᠢ ᠬᠢᠮᠢ ᠵᠢᠨ ᠪᠣᠳᠠᠰ  ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠦᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ ᠪᠦᠭᠦ ᠲᠠᠯ᠎ᠠ᠎ᠪᠠᠷ ᠪᠠᠭᠢᠵᠢᠭᠦᠯᠪᠡ᠃

ᠨᠢᠭᠡ᠎ᠳᠤ᠂ ᠲᠦᠷᠦᠯ ᠵᠦᠢᠯ᠎ᠢ ᠵᠥᠪᠰᠢᠶᠡᠷᠡᠨ ᠣᠷᠣᠭᠤᠯᠬᠤ 《ᠠᠮᠤᠷ ᠲᠦᠪᠰᠢᠨ᠎ᠤ ᠪᠣᠭᠣᠮᠲᠠ》 ᠶ᠋ᠢ ᠴᠢᠩᠭ᠎ᠠ ᠰᠠᠬᠢᠬᠤ ᠬᠡᠷᠡᠭᠲᠡᠢ᠃ ᠪᠦᠭᠦ ᠣᠷᠣᠨ᠎ᠳᠤ ᠬᠢᠮᠢ ᠵᠢᠨ ᠠᠵᠤ ᠦᠢᠯᠡᠳᠪᠦᠷᠢ ᠵᠢᠨ ᠲᠥᠷᠥᠯ ᠵᠦᠢᠯ᠎ᠤᠨ ᠰᠢᠢᠳᠪᠦᠷᠢᠲᠦ ᠪᠣᠳᠣᠯᠭ᠎ᠠ ᠵᠢᠨ ᠯᠠᠪᠯᠠᠭ᠎ᠠ ᠬᠢᠭᠡᠳ ᠠᠶᠤᠯᠲᠠᠢ ᠬᠢᠮᠢ ᠵᠢᠨ ᠪᠣᠳᠠᠰ᠎ᠤᠨ 《ᠬᠢᠵᠠᠭᠠᠷᠯᠠᠨ ᠡᠵᠡᠮᠳᠡᠬᠦ》 ᠭᠠᠷᠴᠠᠭ ᠵᠡᠷᠭᠡ ᠬᠠᠮᠢᠶ᠎ᠠ ᠪᠦᠬᠦᠢ ᠪᠢᠴᠢᠭ ᠮᠠᠲᠧᠷᠢᠶᠠᠯ᠎ᠢ ᠤᠷᠢᠳᠠᠪᠠᠷ ᠨᠡᠢᠲᠡᠯᠡᠵᠦ᠂ ᠲᠦᠭᠰᠢᠭᠦᠷᠢ ᠶ᠋ᠢ ᠡᠬᠢ ᠡᠭᠦᠰᠦᠯ᠎ᠠᠴᠠ ᠨᠢ ᠰᠡᠷᠭᠡᠢᠯᠡᠨ ᠡᠵᠡᠮᠳᠡᠬᠦ ᠶ᠋ᠢ ᠪᠡᠶᠡᠯᠡᠭᠦᠯᠦᠨ᠎ᠡ᠃ ᠲᠥᠷᠥᠯ ᠵᠦᠢᠯ  ᠲᠥᠯᠦᠪᠵᠢᠭᠦᠯᠭᠡ ᠵᠢᠨ ᠱᠠᠲᠤᠨ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠳᠤᠷᠠᠳᠤᠯᠭ᠎ᠠ ᠭᠠᠷᠭᠠᠬᠤ ᠲᠥᠷᠥ ᠵᠢᠨ ᠪᠣᠳᠣᠯᠭ᠎ᠠ ᠵᠢᠨ ᠲᠠᠢᠯᠤᠮᠵᠢ ᠬᠢᠬᠦ ᠪᠠ ᠲᠣᠭᠲᠠᠭᠠᠯ᠎ᠳᠤ ᠨᠡᠢᠴᠡᠭᠦᠯᠦᠨ ᠵᠢᠯᠤᠭᠣᠳᠬᠤ᠎ᠳᠤ ᠬᠠᠩᠭᠠᠵᠤ᠂ 《ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠠᠷᠤᠭᠲᠠᠢ》 ᠵᠢᠵᠢᠭ ᠬᠢᠮᠢ ᠵᠢᠨ ᠠᠵᠤ ᠦᠢᠯᠡᠳᠪᠦᠷᠢ ᠵᠢᠨ ᠲᠥᠷᠥᠯ ᠵᠦᠢᠯ᠎ᠢ ᠨᠠᠢᠳᠠᠪᠤᠷᠢᠵᠢᠭᠤᠯᠬᠤ ᠶ᠋ᠢ ᠡᠷᠡᠰ ᠴᠠᠭᠠᠵᠠᠯᠠᠨ᠎ᠠ᠃ 2025 ᠣᠨ᠎ᠳᠤ ᠨᠢᠭᠡᠨᠲᠡ 9 ᠲᠥᠷᠥᠯ ᠵᠦᠢᠯ᠎ᠤᠨ ᠰᠢᠢᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ ᠠᠵᠢᠯ᠎ᠢ ᠪᠡᠶᠡᠯᠡᠭᠦᠯᠵᠦ᠂ ᠲᠥᠷᠥᠯ ᠵᠦᠢᠯ᠎ᠤᠨ ᠠᠮᠤᠷ ᠲᠦᠪᠰᠢᠨ᠎ᠤ ᠲᠦᠭᠰᠢᠭᠦᠷᠢ ᠶ᠋ᠢ ᠡᠬᠢ ᠡᠭᠦᠰᠦᠯ᠎ᠠᠴᠠ ᠨᠢ ᠡᠵᠡᠮᠳᠡᠨ᠂ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠴᠢᠨᠠᠷ ᠰᠠᠢᠲᠠᠢ ᠠᠮᠤᠷ ᠲᠦᠪᠰᠢᠨ ᠬᠥᠭᠵᠢᠯᠲᠡ ᠶ᠋ᠢ ᠪᠠᠲᠤᠯᠠᠪᠠ᠃

ᠬᠣᠶᠠᠷ᠎ᠲᠤ᠂ ᠬᠦᠨᠳᠦ ᠨᠣᠴᠢᠲᠠᠢ ᠠᠶᠤᠯ᠎ᠤᠨ ᠡᠬᠢ ᠰᠤᠷᠪᠤᠯᠵᠢ ᠶ᠋ᠢ ᠪᠦᠭᠦ ᠲᠠᠯ᠎ᠠ᠎ᠪᠠᠷ ᠬᠢᠨᠠᠨ ᠬᠠᠮᠢᠶᠠᠷᠬᠤ ᠶ᠋ᠢ ᠪᠣᠳᠠᠲᠠᠢ ᠠᠳᠬᠤᠪᠠ᠃ 《ᠤᠯᠤᠰ᠎ᠤᠨ ᠭᠣᠣᠯᠳᠠᠯᠭ᠎ᠠ᠎ᠲᠠᠢ ᠰᠢᠶᠠᠨ ᠵᠶ᠋ᠠᠷ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠤᠲᠠ ᠵᠢᠨ ᠱᠠᠲᠤᠨ᠎ᠤ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠶ᠋ᠢ ᠳᠠᠭᠠᠭᠠᠴᠢᠯᠠᠭᠤᠯᠬᠤ᠂ ᠬᠣᠰᠢᠭᠤ ᠰᠢᠶᠠᠨ ᠲᠣᠭᠣᠷᠢᠭ᠋᠎ᠢ ᠪᠦᠭᠦᠨ᠎ᠢ ᠬᠠᠮᠤᠷᠤᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠬᠤ》 《ᠴᠡᠭ ᠱᠤᠭᠤᠮ ᠪᠦᠭᠦ ᠲᠠᠯ᠎ᠠ ᠶ᠋ᠢ ᠱᠠᠲᠤ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠵᠠᠭᠪᠤᠷ᠎ᠢ ᠬᠡᠷᠡᠭᠵᠢᠭᠦᠯᠵᠦ᠂ 《ᠬᠣᠶᠠᠷ ᠭᠣᠣᠯᠳᠠᠯᠭ᠎ᠠ ᠨᠢᠭᠡ ᠴᠢᠬᠤᠯᠠ》  ᠴᠢᠭᠯᠡᠭᠦᠯᠦᠨ᠎ᠡ᠃ ᠠᠵᠤ ᠠᠬᠤᠢᠯᠠᠯ᠎ᠢ ᠪᠠᠢᠩᠭᠤᠵᠢᠭᠤᠯᠤᠨ ᠤᠯᠤᠰ᠎ᠤᠨ ᠲᠠᠰ᠎ᠤᠨ ᠲᠤᠰᠬᠠᠢ ᠮᠡᠷᠭᠡᠵᠢᠯᠲᠡᠨ᠎ᠢ ᠤᠷᠢᠵᠤ ᠪᠦᠭᠦ ᠲᠠᠯ᠎ᠠ ᠵᠢᠨ ᠪᠡᠶ᠎ᠡ ᠵᠢᠨ ᠪᠠᠢᠴᠠᠭᠠᠯᠲᠠ ᠭᠢᠯᠭᠡᠵᠦ᠂ 《ᠨᠢᠭᠡ ᠠᠵᠤ ᠠᠬᠤᠢᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》ᠲᠤᠢᠯ᠎ᠤᠨ ᠣᠨᠣᠪᠴᠢᠲᠠᠶ ᠎ᠪᠠᠷ ᠵᠠᠰᠠᠬᠤ ᠶ᠋ᠢ ᠨᠠᠢᠳᠠᠪᠤᠷᠢᠵᠢᠭᠤᠯᠤᠨ᠎ᠠ᠃ 《ᠨᠢᠭᠡ ᠡᠬᠢ ᠨᠢᠭᠡ ᠲᠠᠩᠰᠠ ᠡᠪᠬᠡᠮᠡᠯ》᠎ᠤᠨ  ᠡᠬᠡ ᠲᠠᠩᠰᠠ ᠶ᠋ᠢ ᠪᠠᠢᠭᠤᠯᠵᠤ᠂ ᠬᠥᠳᠡᠯᠦᠩᠭᠦᠢ ᠲᠦᠭᠰᠢᠭᠦᠷᠢ ᠶ᠋ᠢ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠭᠦ ᠶ᠋ᠢ ᠪᠡᠶᠡᠯᠡᠭᠦᠯᠵᠦ᠂ 24 ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠵᠢᠨ ᠠᠵᠤ ᠠᠬᠤᠢᠯᠠᠯ᠎ᠤᠨ ᠲᠦᠭᠰᠢᠭᠦᠷᠢ ᠶ᠋ᠢ ᠬᠠᠮᠢᠶᠠᠷᠤᠨ ᠡᠵᠡᠮᠳᠡᠬᠦ ᠶ᠋ᠢ ᠠᠬᠢᠭᠤᠯᠤᠨ᠎ᠠ᠃《ᠬᠡᠷᠡᠭ ᠦ᠋᠊ᠨ ᠳᠠᠷᠠᠭ᠎ᠠ 》 ᠶ᠋ᠢ《ᠬᠡᠷᠡᠭ᠎ᠠᠴᠠ ᠡᠮᠦᠨ᠎ᠡ 》   ᠃

ᠭᠤᠷᠪᠠ᠎ᠳᠤ᠂ ᠠᠵᠢᠯ ᠲᠥᠷᠥᠯ᠎ᠤᠨ ᠠᠷᠬᠠᠭ ᠭᠡᠮ᠎ᠢ ᠲᠤᠰᠬᠠᠢ ᠴᠡᠭᠴᠡᠯᠡᠨ ᠵᠠᠰᠠᠬᠤ᠎ᠪᠠᠷ ᠪᠣᠯᠪᠠ᠃ 《ᠬᠣᠣᠷᠲᠤ ᠠᠳᠡᠯ ᠭᠠᠷᠬᠤ᠎ᠠᠴᠠ ᠰᠡᠷᠭᠡᠢᠯᠡᠬᠦ》 ᠶ᠋ᠢ ᠠᠵᠢᠯ᠎ᠤᠨ ᠭᠣᠣᠯᠳᠠᠯᠭ᠎ᠠ ᠪᠤᠯᠭᠠᠵᠤ᠂ 《ᠵᠢᠷᠭᠤᠭᠠᠨ ᠲᠠᠯ᠎ᠠ ᠵᠢᠨ ᠲᠤᠰᠬᠠᠢ ᠴᠡᠭᠴᠡᠯᠡᠨ ᠵᠠᠰᠠᠯᠲᠠ》 ᠶ᠋ᠢ ᠯᠠᠪᠳᠠᠭᠤᠨ ᠪᠠᠲᠤᠲᠠᠢ ᠥᠷᠨᠢᠭᠦᠯᠪᠡ᠂ ᠲᠤᠬᠠᠢᠯᠠᠪᠠᠯ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠢ ᠴᠡᠭᠴᠡᠯᠡᠨ ᠵᠠᠰᠠᠬᠤ᠂ ᠠᠶᠤᠯ ᠲᠦᠭᠰᠢᠭᠦᠷᠢ ᠶ᠋ᠢ ᠨᠠᠷᠢᠨ ᠬᠤᠪᠢᠶᠠᠬᠤ ᠲᠤᠰᠬᠠᠢ ᠵᠠᠰᠠᠯᠲᠠ᠂ ᠲᠣᠭᠠᠴᠢᠯᠠᠭᠰᠠᠨ ᠣᠶᠤᠨᠴᠢᠯᠠᠭᠰᠠᠨ ᠬᠡᠷᠡᠭᠯᠡᠯᠲᠡ᠂ ᠬᠢᠮᠢ ᠵᠢᠨ ᠠᠵᠤ ᠦᠢᠯᠡᠳᠪᠦᠷᠢ ᠵᠢᠨ ᠦᠢᠯᠡᠳᠪᠦᠷᠢᠯᠡᠯ ᠵᠡᠷᠭᠡ ᠪᠣᠯᠣᠨ᠎ᠠ  ᠲᠥᠷᠥᠯ᠎ᠤᠨ ᠰᠢᠯᠵᠢᠯᠲᠡ ᠶ᠋ᠢ ᠲᠤᠰᠬᠠᠢ ᠴᠡᠭᠴᠡᠯᠡᠨ ᠵᠠᠰᠠᠬᠤ᠂ ᠠᠶᠤᠯᠲᠠᠢ ᠬᠢᠮᠢ ᠵᠢᠨ ᠦᠢᠯᠡᠳᠪᠦᠷᠢᠯᠡᠯ᠎ᠤᠨ ᠠᠮᠤᠷ ᠲᠦᠪᠰᠢᠨ᠎ᠤ ᠦᠨᠡᠯᠡᠨ ᠵᠢᠱ᠌ᠢᠯᠲᠡ᠂ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠵᠢᠨ 《ᠭᠠᠵᠠᠷ ᠠᠷᠢᠯᠭᠠᠬᠤ ᠬᠠᠮᠵᠢᠯᠴᠠᠭ᠎ᠠ》 ᠵᠢᠨ ᠲᠤᠰᠬᠠᠢ ᠵᠦᠢᠯ ᠵᠶ᠋ᠠᠷ ᠰᠢᠮᠳᠠᠭᠤᠯᠤᠨ ᠵᠢᠯᠣᠭᠣᠳᠤᠨ᠎ᠠ᠃ ᠴᠢᠩᠭ᠎ᠠ ᠠᠷᠭ᠎ᠠ ᠪᠠᠷᠢᠯ ᠵᠶ᠋ᠠᠷ ᠬᠦᠨᠳᠦ ᠴᠣᠬᠢᠯᠲᠠ ᠥᠭᠴᠦ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠭᠡᠮ᠎ᠢ ᠨᠡᠶ᠋ᠢᠲᠡ 3685 (ᠡᠭᠦᠨ᠎ᠳᠤ ᠬᠦᠨᠳᠦ ᠶᠡᠬᠡ ᠠᠳᠡᠯ᠎ᠤᠨ 9 ᠵᠦᠢᠯ)᠎ᠢ ᠵᠢᠭ᠍ᠰᠠᠭᠠᠨ ᠪᠠᠢᠴᠠᠭᠠᠵᠤ᠂ 《ᠨᠠᠷᠢᠨ ᠳᠠᠩᠰᠠᠴᠢᠯᠠᠬ᠍ᠰᠠᠨ ᠬᠠᠮᠢᠶᠠᠷᠤᠯᠲᠠ ᠶ᠋ᠢ ᠴᠢᠩᠭᠠᠳᠬᠠᠪᠠ᠃ᠡᠮᠬᠢᠯᠡᠬᠦ᠂ ᠪᠢᠲᠡᠭᠦᠦ ᠴᠠᠭᠠᠷᠢᠭ᠋ ᠭᠡᠯᠪᠡᠷᠢ᠎ᠪᠠᠷ ᠴᠡᠭᠴᠡᠯᠡᠨ ᠰᠠᠢᠵᠢᠷᠠᠭᠤᠯᠬᠤ》 ᠲᠣᠭᠲᠠᠴᠠ᠎ᠳᠤ᠂ ᠪᠤᠶ ᠪᠦᠬᠦᠢ ᠭᠡᠮ ᠰᠣᠭᠣᠭ᠎ᠢ ᠪᠦᠭᠦᠨ᠎ᠢ ᠴᠡᠭᠴᠡᠯᠡᠨ ᠰᠠᠢᠵᠢᠷᠠᠭᠤᠯᠬᠤ ᠶ᠋ᠢ ᠠᠬᠢᠭᠤᠯᠵᠤ᠂ ᠴᠡᠭᠴᠡᠯᠡᠨ ᠰᠠᠢᠵᠢᠷᠠᠭᠤᠯᠤᠭᠰᠠᠨ ᠨᠣᠷᠮ᠎ᠠ ᠶ᠋ᠢ 100%᠎ᠳᠤ ᠬᠦᠷᠦᠭᠦᠯᠵᠦ᠂ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠶ᠋ᠢ ᠬᠦᠴᠦᠲᠡᠢ ᠰᠡᠷᠭᠡᠢᠯᠡᠨ ᠡᠵᠡᠮᠳᠡᠨ᠎ᠡ᠃

ᠳᠥᠷᠪᠡ᠎ᠳᠤ᠂ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠤ ᠵᠠᠰᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠮᠵᠢᠯᠭᠡ ᠳᠣᠣᠷ᠎ᠠ᠂ ᠤᠷᠢᠳᠠᠪᠠᠷ 4500 ᠲᠦᠮᠡᠨ ᠲᠥᠭᠥᠷᠢᠭ᠎ᠤᠨ ᠤᠯᠤᠰ᠎ᠤᠨ ᠲᠤᠰᠬᠠᠢ ᠪᠡᠯᠡ ᠮᠥᠩᠭᠥ ᠣᠯᠵᠤ᠂ ᠬᠤᠩᠱᠠᠨ ᠲᠣᠭᠣᠷᠢᠭ᠋᠂ ᠶᠤᠸᠠᠨ ᠪᠦᠦ ᠱᠠᠨ ᠲᠣᠭᠣᠷᠢᠭ᠋᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠤ ᠲᠦᠭᠰᠢᠭᠦᠷᠢ ᠶ᠋ᠢ ᠣᠶᠤᠨᠴᠢᠯᠠᠨ ᠬᠠᠮᠢᠶᠠᠷᠤᠨ ᠡᠵᠡᠮᠳᠡᠵᠦ ᠥᠭᠡᠷᠡᠴᠢᠯᠡᠨ ᠳᠡᠰ ᠳᠡᠪᠰᠢᠭᠦᠯᠬᠦ ᠶ᠋ᠢ ᠠᠬᠢᠭᠤᠯᠪᠠ᠃ 《ᠨᠢᠭᠡ ᠬᠦᠷᠢᠶᠡᠯᠡᠩ ᠨᠢᠭᠡ ᠪᠣᠳᠣᠯᠭ᠎ᠠ》 ᠵᠢᠨ ᠲᠥᠰᠥᠯ ᠶᠣᠰᠣᠭᠠᠷ᠂ ᠬᠦᠷᠢᠶᠡᠯᠡᠩ ᠲᠣᠭᠣᠷᠢᠭ᠋᠎ᠤᠨ ᠪᠢᠲᠡᠭᠦᠮᠵᠢᠯᠡᠭᠰᠡᠨ ᠬᠠᠮᠢᠶᠠᠷᠤᠯᠲᠠ᠂ ᠭᠠᠯ ᠤᠨᠲᠠᠷᠠᠭᠠᠬᠤ ᠥᠷᠲᠡᠭᠡ ᠵᠢᠨ ᠪᠦᠲᠦᠭᠡᠨ ᠪᠠᠢᠭᠤᠯᠤᠯᠲᠠ ᠬᠢᠭᠡᠳ ᠣᠶᠤᠨᠴᠢᠯᠠᠭᠰᠠᠨ ᠲᠠᠪᠴᠠᠩ ᠪᠠᠶ᠋ᠢᠭᠤᠯᠬᠤ ᠶ᠋ᠢ ᠠᠬᠢᠭᠤᠯᠵᠤ᠂ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠋᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠣᠷᠣᠨ ᠪᠦᠰᠡ ᠵᠢᠨ ᠪᠦᠬᠦᠯᠢ ᠴᠣᠭᠴᠠ ᠵᠢᠨ ᠠᠮᠤᠷ ᠲᠦᠪᠰᠢᠨ᠎ᠤ ᠲᠦᠭᠰᠢᠭᠦᠷᠢ ᠶ᠋ᠢ ᠪᠠᠭᠤᠷᠠᠭᠤᠯᠤᠨ᠎ᠠ᠃

ᠲᠠᠪᠤ᠎ᠳᠤ᠂ ᠲᠡᠮᠦᠷᠯᠢᠭ ᠬᠠᠢᠯᠤᠭᠤᠯᠬᠤ ᠠᠵᠤ ᠠᠬᠤᠢᠯᠠᠯ᠎ᠤᠨ ᠬᠠᠮᠢᠶᠠᠷᠤᠯᠲᠠ ᠵᠢᠨ ᠰᠢᠰᠲᠧᠮ᠎ᠢ ᠳᠡᠭᠡᠭᠰᠢᠯᠡᠭᠦᠯᠭᠦ ᠶ᠋ᠢ ᠲᠤᠰᠬᠠᠢ ᠲᠦᠷᠦᠯ ᠵᠶ᠋ᠠᠷ ᠠᠬᠢᠭᠤᠯᠪᠠ᠃ 《ᠰᠠᠷ᠎ᠠ ᠵᠢᠨ ᠪᠠᠢᠴᠠᠭᠠᠯᠲᠠ᠂ ᠤᠯᠠᠷᠢᠯ᠎ᠤᠨ ᠳᠡᠭᠡᠭᠰᠢᠯᠡᠯᠲᠡ᠂ ᠣᠨ᠎ᠤ ᠦᠨᠡᠯᠡᠯᠲᠡ》 ᠵᠢᠨ ᠠᠵᠢᠯ᠎ᠤᠨ ᠳᠦᠷᠢᠮ᠎ᠢ ᠲᠣᠭᠲᠠᠭᠠᠵᠤ᠂ ᠤᠯᠠᠭᠠᠨᠬᠠᠳᠠ ᠬᠤᠲᠠ ᠬᠣᠶᠠᠷ ᠱᠠᠲᠤ ᠨᠢ ᠵᠢᠯ ᠪᠦᠷᠢ 150 ᠭᠠᠷᠤᠢ ᠲᠦᠮᠡᠨ ᠲᠥᠭᠥᠷᠢᠭ᠎ᠤᠨ ᠪᠡᠯᠡ ᠣᠷᠣᠭᠤᠯᠤᠨ᠂ ᠦ᠋ ᠭᠠᠩ ᠬᠦᠷᠢᠶᠡᠯᠡᠩ᠂ ᠪᠦᠦ ᠭᠠᠩ ᠪᠣᠯᠣᠳ ᠲᠡᠮᠦᠷ᠎ᠤᠨ ᠬᠦᠷᠢᠶᠡᠯᠡᠩ᠂ ᠪᠤᠭᠤᠲᠤ ᠵᠢᠨ ᠪᠣᠯᠣᠳ ᠲᠡᠮᠦᠷ᠎ᠤᠨ ᠺᠤᠮᠫᠠᠨᠢ ᠵᠡᠷᠭᠡ ᠤᠯᠤᠰ᠎ᠤᠨ ᠳᠣᠲᠣᠭᠠᠳᠤ ᠵᠢᠨ ᠲᠡᠷᠢᠭᠦᠨ ᠳᠡᠰ᠎ᠤᠨ ᠲᠤᠰᠬᠠᠢ ᠮᠡᠷᠭᠡᠵᠢᠯᠲᠡᠨ᠎ᠤ ᠪᠦᠯᠭᠦᠮ᠎ᠢ ᠤᠷᠢᠵᠤ᠂ᠪᠣᠯᠣᠳ ᠲᠡᠮᠦᠷ᠂ ᠬᠡᠦᠷᠡᠰᠦ᠎ᠶᠢᠨ ᠠᠵᠤ ᠠᠬᠤᠢᠯᠠᠯ᠎ᠳᠤ ᠲᠣᠭᠲᠠᠮᠠᠯ ᠳᠦᠷᠢᠮᠲᠦ ᠲᠤᠰᠬᠠᠢ ᠮᠡᠷᠭᠡᠵᠢᠯ᠎ᠤᠨ ᠦᠢᠯᠡᠴᠢᠯᠡᠭᠡ ᠬᠠᠩᠭᠠᠵᠤ᠂ ᠲᠤᠰᠬᠠᠢ ᠮᠡᠷᠭᠡᠵᠢᠯᠲᠡᠨ᠎ᠠᠴᠠ 《ᠰᠤᠳᠠᠯ᠎ᠢ ᠨᠢ ᠪᠠᠷᠢᠵᠤ ᠣᠨᠣᠰᠢᠯᠠᠬᠤ》᠎ᠪᠠᠷ ᠳᠠᠮᠵᠢᠭᠤᠯᠤᠨ ᠡᠯ᠎ᠡ ᠲᠥᠷᠥᠯ᠎ᠤᠨ ᠠᠮᠤᠷ ᠲᠦᠪᠰᠢᠨ᠎ᠤ ᠭᠡᠮ ᠰᠣᠭᠣᠭ᠎ᠢ 740 ᠭᠠᠷᠤᠢ ᠵᠦᠢᠯ (ᠡᠭᠦᠨ᠎ᠳᠤ ᠬᠦᠨᠳᠦ ᠶᠡᠬᠡ ᠠᠳᠡᠯ᠎ᠤᠨ ᠭᠡᠮ ᠰᠣᠭᠣᠭ 13 ᠵᠦᠢᠯ)᠎ᠢ ᠨᠠᠷᠢᠯᠢᠭ᠋ ᠣᠨᠣᠪᠴᠢᠲᠠᠢ᠎ᠪᠠᠷ ᠵᠢᠭ᠍ᠰᠠᠭᠠᠨ ᠪᠠᠢᠴᠠᠭᠠᠪᠠ᠃ ᠬᠠᠨᠳᠤᠯᠭᠠᠲᠤ ᠪᠣᠯᠪᠠᠰᠤᠷᠠᠯ᠎ᠢ 1250 ᠭᠠᠷᠤᠢ ᠬᠥᠮᠥᠨ ᠤᠳᠠᠭ᠎ᠠ ᠵᠡᠷᠭᠡᠪᠡᠷ ᠥᠷᠨᠢᠭᠦᠯᠵᠦ᠂ ᠠᠵᠤ ᠠᠬᠤᠢᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠡᠩᠨᠡᠭᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠶ᠋ᠢ ᠦᠨᠡᠨ ᠬᠦ᠌ ᠳᠡᠭᠡᠭᠰᠢᠯᠡᠭᠦᠯᠵᠦ᠂ ᠠᠮᠤᠷ ᠲᠦᠪᠰᠢᠨ᠎ᠤ ᠬᠠᠮᠢᠶᠠᠷᠤᠯᠲᠠ ᠶ᠋ᠢ 《ᠰᠠᠨᠠᠭᠠᠴᠢᠯᠠᠭ᠎ᠠ ᠦᠭᠡᠢ᠎ᠪᠠᠷ ᠴᠡᠭᠴᠡᠯᠡᠨ ᠰᠠᠢᠵᠢᠷᠠᠭᠤᠯᠵᠤ》 ᠪᠠᠢᠭᠰᠠᠨ᠎ᠠᠴᠠ 《ᠰᠠᠨᠠᠭᠠᠴᠢᠯᠠᠭ᠎ᠠ᠎ᠠᠴᠠ᠎ᠪᠠᠨ ᠰᠡᠷᠭᠡᠢᠯᠡᠨ ᠡᠵᠡᠮᠳᠡᠬᠦ》 ᠲᠡᠢᠰᠢ ᠬᠤᠪᠢᠷᠠᠭᠤᠯᠬᠤ ᠶ᠋ᠢ ᠠᠮᠵᠢᠯᠲᠠ᠎ᠲᠠᠢ᠎ᠪᠠᠷ ᠠᠬᠢᠭᠤᠯᠪᠠ᠃

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            