ᠠᠶᠤᠯ ᠦᠭᠡᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠵᠤ ᠪᠡᠬᠢᠯᠡᠯᠲᠡ ᠳᠠᠭᠠᠷᠢᠬᠤ ᠭᠤᠷᠪᠠᠨ ᠵᠢᠯ᠎ᠦᠨ ᠠᠵᠢᠯᠯᠠᠭ᠎ᠠ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠲᠤᠰᠠᠳᠠ ᠂ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠎ᠲᠤ ᠭᠠᠯ ᠬᠥᠳᠡᠯᠭᠡᠨ ᠠᠵᠢᠯᠯᠠᠬᠤ ᠠᠶᠤᠯ ᠦᠭᠡᠢ᠎ᠶᠢᠨ ᠬᠠᠮᠢᠶᠠᠷᠤᠯᠲᠠ ᠪᠣᠯᠣᠨ ᠴᠠᠬᠢᠯᠭᠠᠨ ᠭᠠᠩᠨᠠᠭᠤᠷ᠎ᠤᠨ ᠮᠠᠰᠢᠨ᠎ᠤ 《ᠴᠠᠬᠢᠮ ᠨᠡᠮᠡᠵᠦ ᠺᠣᠳ᠋ ᠣᠯᠭᠣᠬᠤ 》 ᠶᠢ ᠴᠢᠩᠭᠠᠳᠬᠠᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ ᠂ ᠭᠦᠭᠡᠬᠤᠲᠠ ᠵᠢᠨ ᠲᠣᠭᠠᠴᠢᠯᠠᠭᠰᠠᠨ ᠪᠠ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃
11 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠭᠦᠭᠡᠬᠤᠲᠠ ᠵᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠣᠪᠴᠢᠶ᠎ᠠ ᠥᠪᠥᠷ ᠮᠣᠩᠭᠣᠯ᠎ᠤᠨ ᠰᠢᠨ ᠬᠤᠸᠠ ᠬᠠᠭᠠᠰ ᠳᠠᠮᠵᠢᠭᠤᠯᠤᠭ᠍ᠴᠢ ᠵᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠬᠢᠵᠠᠭᠠᠷᠲᠤ ᠺᠤᠮᠫᠠᠨᠢ᠎ᠳᠤ ᠠᠶᠤᠯᠲᠠᠢ ᠬᠢᠮᠢ ᠵᠢᠨ ᠠᠵᠤ ᠦᠢᠯᠡᠳᠪᠦᠷᠢ᠂ ᠠᠵᠤ ᠦᠢᠯᠡᠳᠪᠦᠷᠢ ᠠᠷᠠᠯᠵᠢᠶᠠᠨ᠎ᠤ ᠠᠵᠤ ᠠᠬᠤᠢᠯᠠᠯ (ᠨᠢᠭᠡᠳᠦᠭᠡᠷ ᠪᠦᠯᠦᠭ)᠎ᠤᠨ ᠴᠠᠭᠢᠯᠭᠠᠨ ᠭᠠᠩᠨᠠᠭᠤᠷ᠎ᠤᠨ 《ᠴᠠᠬᠢᠮ ᠨᠡᠮᠡᠬᠦ》 ᠠᠵᠢᠯ᠎ᠤᠨ ᠳᠠᠢᠴᠢᠯᠠᠯᠲᠠ ᠪᠣᠯᠪᠠᠰᠤᠷᠠᠭᠤᠯᠤᠯ᠎ᠤᠨ ᠬᠤᠷᠠᠯ ᠡᠷᠭᠢᠯᠡᠵᠦ᠂ ᠰᠢᠨᠵᠢᠯᠡᠬᠦ ᠤᠬᠠᠭᠠᠨ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠣᠨᠴᠠ ᠲᠥᠷᠥᠯ᠎ᠤᠨ ᠠᠵᠢᠯ᠎ᠤᠨ ᠠᠮᠤᠷ ᠲᠦᠪᠰᠢᠨ᠎ᠤ ᠰᠡᠷᠭᠡᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ᠃ ᠭᠦᠭᠡᠬᠤᠲᠠ ᠵᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ᠂ ᠡᠯ᠎ᠡ ᠬᠣᠰᠢᠭᠤ ᠰᠢᠶᠠᠨ ᠲᠣᠭᠣᠷᠢᠭ᠋᠎ᠤᠨ ᠬᠢᠨᠠᠨ ᠬᠠᠮᠢᠶᠠᠷᠬᠤ ᠠᠵᠢᠯᠲᠠᠨ ᠵᠢᠴᠢ ᠲᠤᠷᠰᠢᠯᠲᠠ ᠵᠢᠨ ᠴᠡᠭ᠎ᠤᠨ 29 ᠠᠵᠤ ᠠᠬᠤᠢᠯᠠᠯ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶ᠋ᠢᠲᠡ 73 ᠬᠥᠮᠥᠨ ᠬᠤᠷᠠᠯ᠎ᠳᠤ ᠣᠷᠣᠯᠴᠠᠵᠠᠢ᠃