ᠡᠪᠦᠯ ᠬᠠᠪᠤᠷ᠎ᠤᠨ ᠭᠠᠯ᠎ᠤᠨ ᠠᠶᠤᠯ᠎ᠢ ᠰᠡᠷᠭᠡᠢᠯᠡᠨ ᠡᠵᠡᠮᠳᠡᠬᠦ ᠵᠢᠴᠢ ᠥᠨᠳᠥᠷ ᠪᠠᠷᠢᠯᠭ᠎ᠠ᠎ᠶᠢᠨ ᠬᠦᠨᠳᠦ ᠶᠡᠬᠡ ᠭᠠᠯ᠎ᠤᠨ ᠭᠠᠮᠰᠢᠭ᠋᠎ᠤᠨ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠦᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠪᠠ 12 ᠳ᠋ᠤᠭᠠᠷ ᠰᠠᠷ᠎ᠠ᠎ᠶᠢᠨ 9 ᠦ ᠡᠳᠦᠷ᠎ᠦᠨ ᠪᠥᠬᠥ ᠣᠷᠣᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠸᠢᠳᠢᠤ᠋ ᠲᠣᠬᠢᠷᠠᠭᠤᠯᠬᠤ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨᠬᠦ ᠪᠠᠲᠤᠯᠠᠵᠤ ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠣᠭᠲᠠᠭᠤᠨ᠎ᠢ ᠪᠠᠲᠤᠯᠠᠬᠤ᠎ᠶᠢᠨ ᠲᠤᠰᠠᠳᠠ ᠂ 12 ᠳ᠋ᠤᠭᠠᠷ ᠰᠠᠷ᠎ᠠ᠎ᠶᠢᠨ 11 ᠦ ᠡᠳᠦᠷ ᠤᠯᠠᠭᠠᠨᠬᠠᠳᠠ ᠬᠣᠲᠠ ᠥᠨᠳᠥᠷ ᠪᠠᠷᠢᠯᠭ᠎ᠠ᠎ᠶᠢᠨ ᠬᠦᠨᠳᠦ ᠶᠡᠬᠡ ᠭᠠᠯ᠎ᠤᠨ ᠭᠠᠮᠰᠢᠭ᠋᠎ᠤᠨ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠪᠠᠢᠴᠠᠭᠠᠨ ᠴᠡᠭᠴᠡᠯᠡᠬᠦ ᠠᠵᠢᠯᠯᠠᠭ᠎ᠠ ᠥᠷᠨᠢᠭᠦᠯᠪᠡ᠃ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠂ ᠰᠤᠷᠭᠠᠨ ᠬᠥᠮᠦᠵᠢᠯ ᠂ ᠳᠣᠲᠣᠭᠠᠳᠤ᠎ᠶᠢ ᠬᠠᠮᠠᠭᠠᠯᠠᠬᠤ ᠂ ᠠᠷᠠᠳ᠎ᠤᠨ ᠶᠠᠪᠤᠳᠠᠯ ᠂ ᠣᠷᠣᠨ ᠰᠠᠭᠤᠴᠠ ᠪᠠ ᠪᠦᠲᠦᠭᠡᠨ ᠪᠠᠢᠭᠤᠯᠤᠯᠲᠠ ᠂ ᠬᠤᠳᠠᠯᠳᠤᠭᠠᠨ᠎ᠤ ᠶᠠᠪᠤᠳᠠᠯ ᠂ ᠰᠣᠶᠣᠯ ᠵᠢᠭᠤᠯᠴᠢᠯᠠᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠂ ᠭᠠᠯ ᠤᠨᠲᠠᠷᠠᠭᠠᠬᠤ ᠰᠠᠯᠪᠤᠷᠢ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠷᠠᠯ᠎ᠳᠤ ᠣᠷᠣᠯᠴᠠᠪᠠ᠃
ᠬᠤᠷᠠᠯ᠎ᠠᠴᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠪᠠᠷᠢᠯᠭ᠎ᠠ᠎ᠶᠢᠨ ᠬᠦᠨᠳᠦ ᠶᠡᠬᠡ ᠭᠠᠯ᠎ᠤᠨ ᠭᠠᠮᠰᠢᠭ᠋᠎ᠤᠨ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ᠎ᠶᠢᠨ ᠲᠥᠰᠥᠯ 》 ᠂ 《 ᠪᠥᠬᠥ ᠣᠷᠣᠨ᠎ᠤ ᠡᠪᠦᠯ ᠬᠠᠪᠤᠷ᠎ᠤᠨ ᠭᠠᠯ᠎ᠤᠨ ᠭᠠᠮᠰᠢᠭ᠋᠎ᠢ ᠰᠡᠷᠭᠡᠢᠯᠡᠨ ᠡᠵᠡᠮᠳᠡᠬᠦ ᠠᠵᠢᠯ᠎ᠤᠨ ᠲᠥᠰᠥᠯ 》 ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠡᠯ᠎ᠡ ᠰᠠᠯᠠᠭ᠎ᠠ ᠮᠥᠴᠢᠷ᠎ᠦᠨ ᠬᠣᠶᠠᠷ ᠵᠦᠢᠯ᠎ᠦᠨ ᠠᠵᠢᠯ᠎ᠤᠨ ᠳᠤᠮᠳᠠᠬᠢ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠪᠠ᠃
ᠬᠤᠷᠠᠯ᠎ᠠᠴᠠ ᠂ ᠣᠳᠣᠬᠠᠨ᠎ᠳᠤ ᠨᠢᠭᠡᠨᠲᠡ ᠡᠪᠦᠯ ᠬᠠᠪᠤᠷ᠎ᠤᠨ ᠭᠠᠯ᠎ᠤᠨ ᠭᠠᠮᠰᠢᠭ᠋ ᠤᠯᠠᠨ ᠡᠭᠦᠰᠬᠦ ᠬᠤᠭᠤᠴᠠᠭᠠᠨ᠎ᠳᠤ ᠣᠷᠣᠵᠤ ᠂ ᠥᠨᠳᠥᠷ ᠪᠠᠷᠢᠯᠭ᠎ᠠ ᠂ 《 ᠭᠤᠷᠪᠠ᠎ᠶᠢ ᠨᠢᠭᠡᠳᠬᠡᠭᠰᠡᠨ 》 ᠲᠠᠯᠠᠪᠤᠷ ᠵᠡᠷᠭᠡ ᠣᠷᠣᠨ ᠪᠦᠰᠡ᠎ᠶᠢᠨ ᠭᠠᠯ᠎ᠤᠨ ᠭᠠᠮᠰᠢᠭ᠋᠎ᠤᠨ ᠠᠶᠤᠯ ᠲᠦᠭᠰᠢᠭᠦᠷᠢ ᠲᠣᠪᠣᠢᠮ᠎ᠠ ᠪᠠᠢᠵᠤ ᠂ ᠰᠡᠷᠭᠡᠢᠯᠡᠨ ᠡᠵᠡᠮᠳᠡᠬᠦ ᠠᠵᠢᠯ᠎ᠢ ᠰᠠᠢᠲᠤᠷ ᠬᠢᠬᠦ ᠡᠭᠦᠷᠭᠡ ᠬᠦᠨᠳᠦ ᠪᠠᠢᠨ᠎ᠠ᠃ ᠡᠯ᠎ᠡ ᠰᠠᠯᠠᠭ᠎ᠠ ᠮᠥᠴᠢᠷ᠎ᠦᠳ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ ᠂ ᠡᠪᠦᠯ ᠬᠠᠪᠤᠷ᠎ᠤᠨ ᠭᠠᠯ᠎ᠤᠨ ᠠᠶᠤᠯ᠎ᠢ ᠰᠡᠷᠭᠡᠢᠯᠡᠨ ᠬᠢᠵᠠᠭᠠᠷᠯᠠᠬᠤ ᠪᠠ ᠥᠨᠳᠥᠷ ᠳᠠᠪᠬᠤᠷᠭ᠎ᠠ᠎ᠶᠢᠨ ᠪᠠᠷᠢᠯᠭ᠎ᠠ᠎ᠶᠢᠨ ᠭᠠᠯ᠎ᠤᠨ ᠠᠶᠤᠯ᠎ᠤᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ᠎ᠢ ᠭᠦᠨᠵᠡᠭᠡᠢ ᠲᠠᠨᠢᠵᠤ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ ᠪᠣᠯᠣᠨ ᠬᠣᠲᠠ᠎ᠶᠢᠨ ᠨᠠᠮ᠎ᠤᠨ ᠬᠣᠷᠢᠶ᠎ᠠ ᠂ ᠬᠣᠲᠠ᠎ᠶᠢᠨ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃
ᠬᠤᠷᠠᠯ᠎ᠠᠴᠠ ᠪᠦᠬᠦ ᠬᠤᠲᠠ᠎ᠶᠢᠨ ᠬᠣᠯᠪᠣᠭᠳᠠᠯ ᠪᠦᠬᠦᠢ ᠠᠵᠢᠯ᠎ᠢ ᠪᠦᠬᠦ ᠲᠠᠯ᠎ᠠ᠎ᠪᠠᠷ ᠲᠣᠬᠢᠷᠠᠭᠤᠯᠤᠨ ᠪᠠᠢᠷᠢᠯᠠᠭᠤᠯᠪᠠ ᠄
ᠨᠢᠭᠡ᠎ᠳᠦ ᠂ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠵᠤ ᠂ ᠡᠯ᠎ᠡ ᠲᠠᠯ᠎ᠠ᠎ᠶᠢᠨ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠲᠣᠰ ᠪᠡᠶ᠎ᠡ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ ᠂ ᠭᠠᠯ ᠰᠡᠷᠭᠡᠢᠯᠡᠵᠦ ᠭᠠᠯ ᠤᠨᠲᠠᠷᠠᠭᠠᠬᠤ ᠂ ᠵᠡᠷᠭᠡ ᠰᠠᠯᠠᠭ᠎ᠠ ᠮᠥᠴᠢᠷ ᠯᠦ᠍ᠭᠡ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ ᠂ 《ᠭᠤᠷᠪᠠ᠎ᠶᠢ ᠬᠠᠮᠢᠶᠠᠷᠬᠤ ᠭᠤᠷᠪᠠ᠎ᠶᠢ ᠡᠷᠬᠡᠪᠰᠢ ᠬᠢᠬᠦ 》ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ ᠂ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠷᠢᠭᠤᠴᠠᠯᠭ᠎ᠠ ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ ᠪᠣᠯᠣᠨ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠪᠣᠳᠠᠲᠠᠢᠵᠢᠭᠤᠯᠬᠤ ᠬᠡᠷᠡᠭᠲᠡᠢ᠃
ᠬᠣᠶᠠᠷ᠎ᠲᠤ ᠂ ᠲᠤᠰᠬᠠᠢ ᠮᠡᠷᠭᠡᠵᠢᠯᠲᠡᠨ ᠤᠷᠢᠵᠤ ᠂ ᠭᠣᠣᠯᠳᠠᠯᠭ᠎ᠠ᠎ᠲᠠᠢ ᠬᠦᠷᠢᠶᠡᠨ᠎ᠦ ᠬᠡᠮ ᠰᠣᠭᠣᠭ᠎ᠢ ᠪᠠᠢᠴᠠᠭᠠᠵᠤ ᠴᠡᠭᠴᠡᠯᠡᠨ ᠵᠠᠰᠠᠬᠤ᠎ᠶᠢ ᠭᠦᠨᠵᠡᠭᠡᠢ ᠥᠷᠨᠢᠭᠦᠯᠪᠡ᠃ ᠥᠨᠳᠥᠷ ᠪᠠᠷᠢᠯᠭ᠎ᠠ ᠂ 《 ᠭᠤᠷᠪᠠ᠎ᠶᠢ ᠨᠢᠭᠡᠳᠬᠡᠭᠰᠡᠨ 》 ᠲᠠᠯᠠᠪᠤᠷ ᠭᠠᠵᠠᠷ ᠂ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠵᠡᠷᠭᠡ ᠭᠠᠯ᠎ᠤᠨ ᠭᠠᠮᠰᠢᠭ᠋᠎ᠤᠨ ᠲᠦᠭᠰᠢᠭᠦᠷᠢ ᠶᠡᠬᠡᠲᠡᠢ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠡᠯ᠎ᠡ ᠲᠥᠷᠥᠯ᠎ᠦᠨ ᠲᠣᠪᠣᠢᠮ᠎ᠠ ᠠᠰᠠᠭᠤᠳᠠᠯ᠎ᠤᠨ ᠳᠠᠯᠳᠠ ᠬᠡᠮ᠎ᠢ ᠨᠠᠷᠢᠨ ᠪᠠᠢᠴᠠᠭᠠᠵᠤ ᠂ ᠠᠰᠠᠭᠤᠳᠠᠯ᠎ᠤᠨ ᠡᠬᠡ ᠲᠠᠩᠰᠠ ᠪᠠᠢᠭᠤᠯᠤᠨ ᠂ ᠳ᠋ᠤᠭᠠᠷ ᠬᠠᠰᠤᠬᠤ ᠬᠠᠮᠢᠶᠠᠷᠤᠯᠲᠠ᠎ᠶᠢ ᠬᠡᠷᠡᠭᠵᠢᠭᠦᠯᠵᠦ ᠂ ᠦᠨᠡᠨ ᠪᠠᠢᠴᠠᠭᠠᠵᠤ ᠦᠨᠡᠨ ᠴᠡᠭᠴᠡᠯᠡᠨ ᠰᠠᠢᠵᠢᠷᠠᠭᠤᠯᠬᠤ ᠂ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠨ᠎ᠠ᠃
ᠭᠤᠷᠪᠠ᠎ᠳᠤ᠂ ᠪᠠᠴᠢᠮ ᠪᠠᠢᠳᠠᠯ᠎ᠢ ᠰᠣᠷᠢᠯᠲᠠ᠎ᠶᠢ ᠥᠷᠨᠢᠭᠦᠯᠵᠦ ᠂ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠪᠣᠳᠠᠲᠤ ᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠤᠨ ᠤᠬᠠᠭᠠᠨ᠎ᠤ ᠵᠢᠷᠤᠮᠵᠢᠭ᠍ᠰᠠᠨ ᠰᠣᠷᠢᠯᠲᠠ᠎ᠶᠢᠨ ᠲᠥᠰᠥᠯ᠎ᠢ ᠲᠣᠭᠲᠠᠭᠠᠵᠤ ᠂ ᠰᠣᠷᠢᠯᠲᠠ᠎ᠶᠢᠨ ᠶᠠᠪᠤᠴᠠ ᠂ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ ᠪᠠ ᠠᠩᠬᠠᠷᠬᠤ ᠵᠦᠢᠯᠡᠰ᠎ᠢ ᠲᠣᠳᠣᠷᠬᠠᠢᠯᠠᠵᠤ ᠂ ᠬᠠᠨᠳᠤᠯᠭᠠᠲᠤ ᠴᠢᠨᠠᠷᠲᠠᠢ ᠭᠠᠯ ᠰᠡᠷᠭᠡᠢᠯᠡᠯᠲᠡ᠎ᠶᠢᠨ ᠰᠣᠷᠢᠯᠲᠠ᠎ᠶᠢ ᠲᠠᠰ ᠳᠠᠪᠬᠤᠷᠭ᠎ᠠ ᠲᠥᠷᠥᠯ ᠬᠤᠪᠢᠶᠠᠨ ᠵᠣᠬᠢᠶᠠᠨ ᠪᠠᠢᠭᠤᠯᠵᠤ ᠥᠷᠨᠢᠭᠦᠯᠦᠨ ᠂ 2026 ᠣᠨ᠎ᠤ 1 ᠰᠠᠷ᠎ᠠ᠎ᠶᠢᠨ 15 ᠤ ᠡᠳᠦᠷ᠎ᠡᠴᠡ ᠡᠮᠦᠨ᠎ᠡ ᠦᠨᠳᠦᠰᠦᠨ ᠱᠠᠲᠤᠨ᠎ᠤ ᠰᠤᠷᠭᠠᠭᠤᠯᠢ ᠂ ᠡᠮᠨᠡᠯᠭᠡ᠎ᠶᠢᠨ ᠬᠣᠷᠢᠶ᠎ᠠ ᠂ ᠨᠠᠰᠤᠲᠠᠨ ᠠᠰᠠᠷᠠᠬᠤ ᠬᠦᠷᠢᠶᠡᠯᠡᠩ ᠂ ᠥᠨᠳᠥᠷ ᠪᠠᠷᠢᠯᠭ᠎ᠠ ᠂ ᠵᠣᠴᠢᠳ᠎ᠤᠨ ᠪᠠᠭᠤᠳᠠᠯ ᠂ ᠣᠯᠠᠨ ᠨᠡᠶ᠋ᠢᠲᠡ᠎ᠶᠢᠨ ᠨᠠᠢᠷ ᠴᠡᠩᠭᠡᠯ᠎ᠦᠨ ᠭᠠᠵᠠᠷ ᠵᠡᠷᠭᠡ ᠡᠯ᠎ᠡ ᠲᠥᠷᠥᠯ᠎ᠦᠨ ᠲᠠᠯᠠᠪᠤᠷ᠎ᠤᠨ ᠭᠠᠯ ᠤᠨᠲᠠᠷᠠᠭᠠᠬᠤ ᠰᠣᠷᠢᠯᠲᠠ᠎ᠶᠢ ᠪᠦᠬᠦᠨ᠎ᠢ ᠬᠠᠮᠤᠷᠬᠤ᠎ᠶᠢ ᠪᠡᠶᠡᠯᠡᠭᠦᠯᠬᠦ ᠬᠡᠷᠡᠭᠲᠡᠢ᠃
ᠳᠥᠷᠪᠡ᠎ᠳᠦ ᠂ ᠪᠣᠯᠪᠠᠰᠤᠷᠠᠯ ᠰᠤᠷᠤᠯᠴᠠᠯᠭ᠎ᠠ᠎ᠪᠠᠨ ᠴᠢᠩᠭᠠᠳᠬᠠᠵᠤ ᠂ ᠠᠵᠢᠯ ᠡᠷᠬᠢᠯᠡᠭᠰᠡᠳ᠎ᠦᠨ ᠭᠠᠯ ᠰᠡᠷᠭᠡᠢᠯᠡᠯᠲᠡ᠎ᠶᠢᠨ ᠠᠮᠤᠷ ᠲᠦᠪᠰᠢᠨ᠎ᠦ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠭᠠᠯ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ ᠂ ᠨᠢᠭᠡᠳᠦᠭᠡᠷ ᠹᠷᠣᠨᠲ᠎ᠲᠤ ᠠᠵᠢᠯᠯᠠᠵᠤ ᠪᠠᠢᠭ᠎ᠠ ᠬᠥᠮᠥᠰ ᠵᠡᠷᠭᠡ ᠵᠠᠩᠭᠢᠯᠠᠭ᠎ᠠ᠎ᠶᠢᠨ ᠬᠥᠮᠥᠰ ᠂ ᠤᠯᠤᠰ᠎ᠠᠴᠠ ᠭᠠᠯ ᠤᠨᠲᠠᠷᠠᠭᠠᠬᠤ ᠭᠠᠯ ᠤᠨᠲᠠᠷᠠᠭᠠᠬᠤ ᠠᠮᠤᠷ ᠲᠦᠪᠰᠢᠨ᠎ᠦ ᠠᠵᠢᠯᠯᠠᠬᠤ ᠳᠦᠷᠢᠮ ᠂ ᠳᠠᠯᠳᠠ ᠬᠡᠮ᠎ᠢ ᠢᠯᠭᠠᠨ ᠲᠠᠨᠢᠬᠤ ᠠᠷᠭ᠎ᠠ ᠂ ᠡᠬᠢᠨ᠎ᠦ ᠦᠶ᠎ᠡ᠎ᠶᠢᠨ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠵᠡᠷᠭᠡ ᠭᠣᠣᠯ ᠠᠭᠤᠯᠭ᠎ᠠ᠎ᠳᠤ ᠴᠢᠭᠯᠡᠭᠦᠯᠦᠨ ᠂ ᠲᠤᠰᠬᠠᠢ ᠰᠡᠳᠦᠪᠲᠦ ᠪᠣᠯᠪᠠᠰᠤᠷᠠᠭᠤᠯᠤᠯ ᠪᠠ ᠪᠣᠳᠠᠲᠠᠢ ᠠᠵᠢᠯᠯᠠᠭᠠᠨ᠎ᠤ ᠵᠢᠭᠠᠨ ᠰᠤᠷᠭᠠᠯᠲᠠ᠎ᠶᠢ ᠥᠷᠨᠢᠭᠦᠯᠵᠦ ᠂ ᠠᠵᠢᠯᠯᠠᠵᠤ ᠪᠠᠢᠭ᠎ᠠ ᠬᠥᠮᠥᠰ᠎ᠦᠨ ᠭᠠᠯ ᠤᠨᠲᠠᠷᠠᠭᠠᠬᠤ ᠠᠮᠤᠷ ᠲᠦᠪᠰᠢᠨ᠎ᠦ ᠴᠢᠬᠤᠯᠠ ᠪᠦᠬᠦᠢ ᠮᠡᠷᠭᠡᠵᠢᠯ ᠴᠢᠳᠠᠪᠤᠷᠢ᠎ᠶᠢ ᠪᠣᠯᠪᠠᠰᠤᠷᠠᠩᠭᠤᠢ ᠡᠵᠡᠮᠰᠢᠬᠦ᠎ᠶᠢ ᠦᠨᠡᠨᠬᠦ ᠪᠠᠲᠤᠯᠠᠬᠤ ᠬᠡᠷᠡᠭᠲᠡᠢ᠃
ᠲᠠᠪᠤ᠎ᠳᠤ ᠂ ᠤᠯᠠᠮᠵᠢᠯᠠᠨ ᠵᠢᠯᠤᠭᠣᠳᠬᠤ ᠠᠵᠢᠯ᠎ᠢ ᠰᠠᠢᠲᠤᠷ ᠬᠢᠵᠦ ᠂ ᠪᠦᠭᠦ ᠠᠷᠠᠳ᠎ᠤᠨ ᠰᠡᠷᠭᠡᠢᠯᠡᠨ ᠡᠵᠡᠮᠳᠡᠬᠦ ᠤᠬᠠᠮᠰᠠᠷ᠎ᠢ ᠳᠡᠭᠡᠭᠰᠢᠯᠡᠭᠦᠯᠵᠦ ᠂ ᠭᠠᠯ᠎ᠤᠨ ᠠᠶᠤᠯ᠎ᠢ ᠰᠡᠷᠭᠡᠢᠯᠡᠨ ᠡᠵᠡᠮᠳᠡᠬᠦ ᠮᠡᠳᠡᠯᠭᠡ᠎ᠶᠢ ᠤᠯᠠᠨ ᠵᠦᠢᠯ᠎ᠦᠨ ᠵᠠᠮ ᠲᠥᠪᠯᠡᠷᠡᠭᠦᠯᠦᠨ ᠥᠷᠭᠡᠨ᠎ᠢᠶᠡᠷ ᠤᠬᠠᠭᠤᠯᠬᠤ ᠪᠠ ᠰᠤᠷᠤᠭ᠍ᠴᠢ ᠰᠣᠩᠭᠣᠨ ᠥᠪᠡᠰᠦᠪᠡᠨ ᠵᠢᠭᠠᠬᠤ ᠤᠷ᠎ᠠ ᠴᠢᠳᠠᠪᠤᠷᠢ᠎ᠶᠢ ᠥᠷᠭᠡᠨ᠎ᠢᠶᠡᠷ ᠤᠬᠠᠭᠤᠯᠵᠤ ᠂ ᠨᠡᠢᠲᠡᠯᠢᠭ ᠭᠡᠮ ᠰᠣᠭᠣᠭ᠎ᠢ ᠢᠯᠡᠴᠢᠯᠡᠵᠦ ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠭᠠᠯ ᠤᠨᠲᠠᠷᠠᠭᠠᠬᠤ ᠠᠮᠤᠷ ᠲᠦᠪᠰᠢᠨ᠎ᠦ ᠲᠣᠭᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠵᠤ ᠂ 《 ᠬᠥᠮᠥᠨ ᠪᠦᠭᠦᠨ ᠭᠠᠯ ᠤᠨᠲᠠᠷᠠᠭᠠᠬᠤ᠎ᠶᠢ ᠠᠩᠬᠠᠷᠴᠤ ᠂ ᠬᠥᠮᠥᠨ ᠪᠦᠭᠦᠨ ᠰᠡᠷᠭᠡᠢᠯᠡᠨ ᠡᠵᠡᠮᠳᠡᠬᠦ᠎ᠳᠦ ᠣᠷᠣᠯᠴᠠᠬᠤ 》 ᠰᠠᠢᠨ ᠰᠠᠢᠬᠠᠨ ᠠᠭᠤᠷ ᠠᠮᠢᠰᠬᠤᠯ᠎ᠢ ᠨᠡᠢᠳᠡᠮ ᠪᠤᠢ ᠪᠣᠯᠭᠠᠬᠤ ᠬᠡᠷᠡᠭᠲᠡᠢ᠃
ᠬᠤᠷᠠᠯ᠎ᠠᠴᠠ ᠂ ᠡᠯ᠎ᠡ ᠰᠠᠯᠠᠭ᠎ᠠ ᠮᠥᠴᠢᠷ᠎ᠦᠨ ᠬᠢᠨ 《 ᠴᠠᠭ ᠢᠮᠠᠭᠲᠠ ᠰᠡᠳᠬᠢᠯ ᠠᠮᠤᠷ ᠪᠠᠢᠬᠤ 》 ᠬᠠᠷᠢᠭᠤᠴᠠᠯᠭᠠᠲᠤ ᠰᠡᠳᠬᠢᠯᠭᠡ᠎ᠪᠡᠷ ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ ᠂ ᠪᠦᠬᠦ ᠬᠤᠳᠠ᠎ᠶᠢᠨ ᠠᠷᠠᠳ ᠲᠦᠮᠡᠨ᠎ᠳᠦ ᠠᠮᠤᠷ ᠲᠦᠪᠰᠢᠨ ᠂ ᠲᠣᠭᠲᠠᠭᠤᠨ ᠦᠢᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠣᠷᠢᠨ᠎ᠢ ᠪᠤᠢ ᠪᠣᠯᠭᠠᠵᠤ ᠥᠭᠬᠦ ᠬᠡᠷᠡᠭᠲᠡᠢ᠃