ᠪᠥᠬᠥ ᠠᠷᠠᠳ᠎ᠤᠨ ᠭᠠᠮᠰᠢᠭ᠋᠎ᠢ ᠰᠡᠷᠭᠡᠢᠯᠡᠬᠦ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ ᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠵᠣᠬᠢᠶᠠᠨ ᠪᠠᠢᠭᠤᠯᠤᠨ ᠳᠠᠢᠴᠢᠯᠠᠬᠤ ᠪᠠ ᠬᠠᠮᠵᠢᠯᠴᠠᠬᠤ ᠴᠢᠳᠠᠪᠤᠷᠢ ᠶ᠋ᠢ ᠳᠡᠭᠡᠭᠰᠢᠯᠡᠭᠦᠯᠭᠦ ᠵᠢᠨ ᠲᠥᠯᠥᠭᠡ᠂ ᠤᠯᠠᠭᠠᠨᠬᠠᠳᠠ ᠬᠣᠲᠠ᠎ᠶᠢᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠵᠥᠪᠯᠡᠯ ᠨᠢ ᠡᠯ᠎ᠡ ᠱᠠᠲᠤᠨ᠎ᠤ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠵᠥᠪᠯᠡᠯ᠎ᠦᠨ ᠪᠦᠷᠢᠯᠳᠦᠭᠦᠨ ᠨᠢᠭᠡᠴᠡᠶᠢᠨ ᠺᠠᠳ᠋ᠷ ᠠᠵᠢᠯᠲᠠᠨ ᠂ ᠬᠣᠲᠠ᠎ᠶᠢᠨ ᠲᠠᠰ ᠵᠢᠴᠢ ᠲᠡᠭᠦᠨ᠎ᠡᠴᠡ ᠳᠣᠷᠣᠭ᠍ᠰᠢᠬᠢ ᠭᠠᠮᠰᠢᠭ᠋᠎ᠤᠨ ᠮᠡᠳᠡᠭᠡ ᠵᠠᠩᠭᠢ᠎ᠶᠢᠨ ᠠᠵᠢᠯᠲᠠᠨ ᠪᠠ ᠭᠠᠮᠰᠢᠭ᠋᠎ᠤᠨ ᠠᠶᠤᠯ ᠲᠦᠭᠰᠢᠭᠦᠷᠢ᠎ᠶᠢᠨ ᠳᠠᠯᠳᠠ ᠬᠡᠮ᠎ᠦᠨ ᠮᠡᠳᠡᠭᠡ ᠵᠠᠩᠭᠢ᠎ᠶᠢᠨ ᠠᠵᠢᠯᠲᠠᠨ᠎ᠳᠤ ᠬᠠᠨᠳᠤᠭᠤᠯᠤᠨ ᠨᠡᠶ᠋ᠢᠲᠡ᠎ᠶᠢᠨ ᠠᠰᠠᠷᠠᠮᠵᠢ᠎ᠶᠢᠨ ᠤᠬᠠᠭᠤᠯᠤᠨ ᠲᠠᠢᠯᠪᠤᠷᠢᠯᠠᠬᠤ ᠮᠡᠳᠡᠯᠭᠡ᠎ᠶᠢᠨ ᠤᠷᠤᠯᠳᠤᠭᠠᠨ᠎ᠤ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠨᠢ 《 ᠤᠬᠠᠭᠤᠯᠤᠨ ᠲᠠᠢᠯᠪᠤᠷᠢᠯᠠᠬᠤ + ᠪᠣᠯᠪᠠᠰᠤᠷᠠᠯ + ᠤᠷᠤᠯᠳᠤᠭᠠᠨ 》 ᠤ ᠵᠠᠭᠪᠤᠷ᠎ᠢ ᠬᠡᠷᠡᠭᠯᠡᠵᠦ ᠂ ᠪᠠᠢᠩᠭᠤ ᠲᠣᠬᠢᠶᠠᠯᠳᠤᠳᠠᠭ ᠭᠠᠮᠰᠢᠭ᠋᠎ᠤᠨ ᠪᠣᠶ ᠪᠣᠯᠤᠭᠰᠠᠨ ᠰᠢᠯᠲᠠᠭᠠᠨ ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠪᠠ ᠠᠷᠭᠠᠴᠠᠭᠠᠬᠤ ᠠᠷᠭ᠎ᠠ ᠬᠡᠮᠵᠢᠶ᠎ᠡ᠎ᠶᠢ ᠭᠦᠨᠵᠡᠭᠡᠢ ᠲᠠᠢᠯᠪᠤᠷᠢᠯᠠᠵᠤ ᠂ ᠭᠠᠮᠰᠢᠭ᠋᠎ᠢ ᠤᠷᠢᠳᠴᠢᠯᠠᠨ ᠰᠡᠷᠡᠮᠵᠢᠯᠡᠭᠦᠯᠬᠦ᠎ᠶᠢ ᠳᠠᠮᠵᠢᠭᠤᠯᠬᠤ ᠂ ᠬᠥᠮᠥᠰ᠎ᠢ ᠲᠠᠷᠬᠠᠭᠠᠬᠤ ᠂ ᠡᠬᠢᠨ᠎ᠦ ᠬᠤᠭᠤᠴᠠᠭᠠᠨ᠎ᠤ ᠰᠢᠢᠳᠪᠦᠷᠢᠯᠡᠯᠲᠡ ᠂ ᠭᠠᠮᠰᠢᠭ᠋᠎ᠤᠨ ᠪᠠᠢᠳᠠᠯ᠎ᠤᠨ ᠮᠡᠳᠡᠭᠡ ᠵᠠᠩᠭᠢ᠎ᠶᠢ ᠮᠡᠳᠡᠭᠦᠯᠦᠨ ᠬᠦᠷᠭᠡᠬᠦ ᠵᠡᠷᠭᠡ ᠪᠥᠬᠥ ᠶᠠᠪᠤᠴᠠ᠎ᠶᠢ ᠬᠠᠮᠵᠢᠯᠴᠠᠨ ᠰᠢᠢᠳᠪᠦᠷᠢᠯᠡᠬᠦ ᠤᠷ᠎ᠠ ᠴᠢᠳᠠᠪᠤᠷᠢ᠎ᠶᠢ ᠲᠠᠢ ᠪᠣᠯᠪᠠᠰᠤᠷᠠᠭᠤᠯᠵᠤ ᠂ ᠬᠠᠮᠢᠶ᠎ᠠ ᠪᠦᠬᠦᠢ ᠠᠵᠢᠯᠲᠠᠳ᠎ᠤᠨ ᠮᠡᠳᠡᠯᠭᠡ ᠤᠷ᠎ᠠ ᠴᠢᠳᠠᠪᠤᠷᠢ ᠶ᠋ᠢ ᠡᠵᠡᠮᠰᠢᠬᠦ ᠲᠦᠪᠰᠢᠨ᠎ᠢ ᠪᠦᠲᠦᠮᠵᠢᠲᠡᠢ ᠰᠢᠯᠭᠠᠨ ᠪᠠᠢᠴᠠᠭᠠᠵᠤ᠂ ᠪᠥᠬᠥ ᠬᠣᠲᠠ᠎ᠶᠢᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠪᠡ᠃
ᠲᠣᠰ ᠤᠳᠠᠭᠠᠨ᠎ᠤ ᠠᠵᠢᠯᠯᠠᠭ᠎ᠠ᠎ᠳᠤ ᠨᠡᠶ᠋ᠢᠲᠡ 2 ᠲᠦᠮᠡ ᠭᠠᠷᠤᠢ ᠬᠥᠮᠥᠨ ᠣᠷᠣᠯᠴᠠᠵᠠᠢ ᠂ ᠡᠭᠦᠨ᠎ᠳᠦ 8755 ᠬᠥᠮᠥᠨ ᠮᠡᠳᠡᠯᠭᠡ᠎ᠶᠢᠨ ᠤᠷᠤᠯᠳᠤᠭᠠᠨ ᠪᠥᠬᠥ ᠶᠠᠪᠤᠴᠠ ᠣᠷᠣᠯᠴᠠᠵᠤ ᠂ ᠰᠡᠳᠦᠪ ᠬᠠᠷᠢᠭᠤᠯᠤᠭᠰᠠᠨ ᠬᠤᠪᠢ ᠪᠣᠯᠣᠨ ᠴᠠᠭ᠎ᠤᠨ ᠶᠡᠷᠦᠩᠬᠡᠢ ᠵᠢᠭ᠍ᠰᠠᠭᠠᠯᠲᠠ᠎ᠶᠢ ᠦᠨᠳᠦᠰᠦᠯᠡᠨ ᠂ ᠨᠢᠭᠡᠳᠦᠭᠡᠷ ᠳᠡᠰ᠎ᠤᠨ ᠱᠠᠩᠨᠠᠯ ᠬᠦᠷᠲᠡᠭᠰᠡᠳ 67 ᠬᠥᠮᠥᠨ ᠂ ᠬᠣᠶᠠᠳᠤᠭᠠᠷ ᠳᠡᠰ᠎ᠤᠨ ᠱᠠᠩᠨᠠᠯ ᠬᠦᠷᠲᠡᠭᠰᠡᠳ 70 ᠬᠥᠮᠥᠨ ᠂ ᠭᠤᠷᠪᠠᠳᠤᠭᠠᠷ ᠳᠡᠰ᠎ᠤᠨ ᠱᠠᠩᠨᠠᠯ ᠬᠦᠷᠲᠡᠭᠰᠡᠳ 191 ᠬᠥᠮᠥᠨ ᠪᠠᠢᠵᠤ ᠂ ᠪᠠᠰᠠ 10 ᠰᠠᠯᠠᠭ᠎ᠠ ᠮᠥᠴᠢᠷ ( ᠨᠢᠭᠡᠴᠡ ) ᠵᠣᠬᠢᠶᠠᠨ ᠪᠠᠢᠭᠤᠯᠤᠯᠲᠠ᠎ᠶᠢᠨ ᠱᠠᠩᠨᠠᠯ ᠭᠥᠷᠳᠡᠵᠦ ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠦᠨᠡᠨ ᠬᠦ᠌ ᠠᠬᠢᠭᠤᠯᠪᠠ᠃