ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠣᠷᠣᠨ ᠨᠤᠲᠤᠭ᠎ᠤᠨ ᠪᠠᠶ᠋ᠢᠳᠠᠯ
ᠪᠠᠶᠠᠨᠨᠠᠭᠤᠷ ᠬᠣᠲᠠ᠄ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ ᠦ᠋᠊ᠨ᠎ᠬᠢᠨ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠨ ᠪᠥᠬᠥ ᠬᠦᠴᠦᠨ ᠵᠶ᠋ᠡᠷ ᠵᠶ᠋ᠡᠨ ᠦᠶᠡᠷ᠎ᠢ ᠰᠡᠷᠭᠡᠶ᠋ᠢᠯᠡᠵᠦ ᠠᠶᠤᠯ ᠭᠠᠮᠰᠢᠭ᠎ᠠᠴᠠ ᠠᠪᠤᠷᠬᠠᠤ ᠡᠮᠦᠨ᠎ᠡ ᠹᠷᠣᠨᠲ᠎ᠲᠤ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭ᠎ᠢ ᠭᠠᠶ᠋ᠢᠬᠠᠭᠤᠯᠤᠨ᠎ᠠ
ᠨᠡᠶ᠋ᠢᠲᠡᠯᠡᠭᠰᠡᠨ ᠴᠠᠭ᠄ 2025-07-18

    ᠣᠶ᠋ᠢᠷ᠎ᠠ᠎ᠳᠤ᠂ ᠪᠠᠶᠠᠨᠨᠠᠭᠤᠷ ᠬᠣᠲᠠ᠎ᠳᠤ ᠬᠣᠪᠣᠷ ᠲᠣᠬᠢᠶᠠᠯᠳᠤᠬᠤ ᠰᠢᠷᠦᠭᠦᠨ ᠪᠣᠷᠣᠭ᠋ᠠᠨ ᠣᠷᠣᠵᠤ᠂ ᠬᠡᠰᠡᠭ ᠭᠠᠵᠠᠷ ᠣᠷᠣᠨ ᠬᠦᠨᠳᠦ ᠨᠣᠴᠢᠲᠠᠶ ᠭᠠᠮᠰᠢᠭᠳᠠᠪᠠ᠃ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠵᠤ ᠭᠠᠮᠰᠢᠭ᠎ᠠᠴᠠ ᠠᠪᠤᠷᠬᠠᠤ ᠠᠵᠢᠯ ᠳᠤᠮᠳᠠ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ 《ᠠᠮᠤᠷ ᠲᠦᠪᠰᠢᠨ᠎ᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ  ᠬᠣᠰᠢᠭᠤᠴᠢ》 ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠲᠥᠷᠥᠯ ᠲᠡᠮᠳᠡᠭ ᠵᠶ᠋ᠡᠷ ᠵᠢᠯᠣᠭᠣᠳᠣᠯᠭ᠎ᠠ ᠪᠣᠯᠭ᠋ᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠪᠠᠲᠤᠯᠠᠵᠤ᠂ ᠨᠠᠮ᠎ᠤᠨ ᠲᠣᠭ᠎ᠢ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠪᠠ᠃

    ᠨᠢᠭᠡ᠂ 《ᠦᠶᠡᠷ》 ᠎ᠢ ᠰᠣᠨᠣᠰᠤᠮᠠᠭᠴᠠ ᠬᠥᠳᠡᠯᠦᠯᠴᠡᠵᠦ᠂ ᠨᠠᠮ᠎ᠤᠨ ᠪᠠᠶ᠋ᠢᠭᠤᠯᠤᠯᠲᠠ᠎ᠪᠠᠷ ᠨᠡᠶ᠋ᠢᠯᠡᠮᠡᠯ ᠬᠦᠴᠦᠨ᠎ᠢ ᠨᠢᠭᠲᠠᠷᠠᠭᠤᠯᠪᠠ

    ᠰᠢᠷᠦᠭᠦᠨ ᠪᠣᠷᠣᠭ᠋ᠠᠨ ᠢᠷᠡᠬᠦ᠎ᠠᠴᠠ ᠡᠮᠦᠨ᠎ᠡ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠤᠷᠢᠳᠴᠢᠯᠠᠨ ᠪᠠᠶ᠋ᠢᠷᠢᠯᠠᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠬᠣᠲᠠ ᠵᠢᠨ ᠦᠶᠡᠷ᠎ᠢ ᠰᠡᠷᠭᠡᠶ᠋ᠢᠯᠡᠬᠦ ᠠᠵᠢᠯ᠎ᠤᠨ ᠠᠯᠪᠠᠨ ᠬᠡᠷ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠰᠢᠭᠤ ᠰᠢᠶᠠᠨ ᠲᠣᠭᠣᠷᠢᠭ ᠪᠣᠯᠤᠨ ᠪᠦᠷᠢᠯᠳᠦᠬᠦᠨ ᠨᠢᠭᠡᠴᠢ᠎ᠨᠦᠭᠦᠳ ᠦᠶᠡᠷ᠎ᠢ ᠰᠡᠷᠭᠡᠶ᠋ᠢᠯᠡᠬᠦ ᠠᠶᠤᠯ ᠭᠠᠮᠰᠢᠭ᠎ᠠᠴᠠ ᠠᠪᠤᠷᠬᠠᠤ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠬᠣᠲᠠ᠂ ᠬᠣᠰᠢᠭᠤ ᠰᠢᠶᠠᠨ ᠲᠣᠭᠣᠷᠢᠭ ᠬᠣᠶᠠᠷ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠪᠣᠯᠤᠨ ᠴᠠᠭ ᠠᠭᠤᠷ᠎ᠤᠨ ᠲᠣᠪᠴᠢᠶ᠎ᠠ ᠬᠠᠮᠲᠤᠷᠠᠨ ᠪᠣᠷᠣᠭ᠋ᠠᠨ ᠣᠷᠣᠬᠤ ᠴᠠᠭ ᠠᠭᠤᠷ᠎ᠢ ᠰᠡᠷᠭᠡᠶ᠋ᠢᠯᠡᠬᠦ ᠰᠠᠨᠠᠭᠤᠯᠤᠮᠵᠢ ᠵᠢᠨ ᠮᠡᠳᠡᠭᠡ ᠵᠠᠩᠭᠢ ᠨᠡᠶ᠋ᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠲᠤ ᠰᠡᠷᠭᠡᠶ᠋ᠢᠯᠡᠬᠦ ᠪᠡᠯᠡᠳᠬᠡᠯ ᠵᠶ᠋ᠡᠨ ᠰᠠᠶ᠋ᠢᠲᠤᠷ ᠬᠢᠬᠦ ᠵᠢ ᠰᠠᠨᠠᠭᠤᠯᠪᠠ᠃ ᠬᠣᠲᠠ᠂ ᠬᠣᠰᠢᠭᠤ ᠰᠢᠶᠠᠨ ᠲᠣᠭᠣᠷᠢᠭ ᠬᠣᠶᠠᠷ ᠱᠠᠲᠤᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠠᠯᠪᠠᠨ ᠬᠡᠷ ᠬᠤᠷ᠎ᠠ ᠲᠣᠨᠣᠳᠠᠰᠤ᠎ᠲᠠᠢ ᠴᠠᠭ ᠠᠭᠤᠷ᠎ᠤᠨ ᠰᠠᠯᠠᠭ᠎ᠠ ᠮᠥᠴᠢᠷ ᠦ᠋᠊ᠨ ᠬᠠᠮᠲᠤᠷᠠᠭᠰᠠᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠰᠡᠷᠭᠡᠶ᠋ᠢᠯᠡᠬᠦ ᠠᠵᠢᠯ᠎ᠳᠤ ᠪᠣᠳᠠᠲᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃ ᠬᠣᠲᠠ ᠵᠢᠨ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠣᠪᠴᠢᠶ᠎ᠠ ᠦᠶᠡᠷ᠎ᠠᠴᠠ ᠡᠮᠦᠨ᠎ᠡ ᠡᠯ᠎ᠡ ᠬᠣᠰᠢᠭᠤ ᠰᠢᠶᠠᠨ ᠲᠣᠭᠣᠷᠢᠭ᠎ᠤᠨ 280 ᠭᠠᠷᠤᠶ ᠲᠦᠮᠡᠨ ᠲᠥᠭᠥᠷᠢᠭ ᠦ᠋᠊ᠨ ᠤᠷᠢᠳᠠᠴᠢ ᠥᠷᠲᠡᠭ ᠪᠥᠬᠥᠶ ᠦᠶᠡᠷ ᠤᠰᠤᠲᠤᠯ᠎ᠢ ᠵᠠᠯᠠᠬᠤ ᠲᠥᠬᠥᠭᠡᠷᠦᠮᠵᠢ᠂ ᠠᠶᠤᠯ᠎ᠠᠴᠠ ᠠᠪᠤᠷᠬᠠᠤ ᠮᠠᠰᠢᠨ᠂ ᠭᠡᠷᠡᠯᠲᠦᠭᠦᠯᠭᠡ ᠵᠢᠨ ᠲᠣᠨᠣᠭᠯᠠᠯ ᠵᠡᠷᠭᠡ᠎ᠳᠤ ᠣᠨᠣᠪᠴᠢᠲᠠᠶ᠎ᠪᠠᠷ ᠡᠳ᠋ ᠪᠣᠳᠠᠰ᠎ᠤᠨ 《ᠤᠷᠢᠳᠠᠴᠢ ᠪᠠᠶ᠋ᠢᠷᠢ᠂ ᠴᠠᠭ ᠢᠮᠠᠭᠲᠠ ᠬᠡᠷᠡᠭᠯᠡᠵᠦ ᠪᠣᠯᠬᠤ》 ᠵᠢ ᠪᠡᠶᠡᠯᠡᠭᠦᠯᠪᠡ᠃ ᠪᠥᠬᠥ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠵᠠᠷᠯᠢᠭ᠎ᠢ ᠰᠣᠨᠣᠰᠤᠮᠠᠭᠴᠠ ᠬᠥᠳᠡᠯᠦᠯᠴᠡᠵᠦ᠂ ᠪᠠᠴᠢᠮ ᠪᠠᠶ᠋ᠢᠳᠠᠯ᠎ᠢ  ᠪᠡᠯᠡᠳᠬᠡᠯ ᠪᠠᠶ᠋ᠢᠳᠠᠯ᠎ᠳᠤ ᠪᠥᠬᠥ ᠲᠠᠯ᠎ᠠ᠎ᠪᠠᠷ ᠣᠷᠣᠵᠤ᠂ ᠪᠥᠬᠥ ᠨᠠᠮ᠎ᠤᠨ ᠭᠡᠰᠢᠭᠦᠨ ᠺᠠᠳ᠋ᠷ ᠢᠳᠡᠪᠬᠢᠲᠡᠶ ᠬᠥᠳᠡᠯᠦᠯᠴᠡᠵᠦ᠂ ᠡᠯ᠎ᠡ ᠵᠦᠢ᠍ᠯ ᠦ᠋᠊ᠨ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠰᠢᠷᠦᠭᠦᠨ ᠪᠣᠷᠣᠭ᠋ᠠᠨ᠎ᠢ ᠎ᠳᠤ ᠪᠠᠲᠤ ᠪᠠᠬᠢ ᠰᠠᠭᠤᠷᠢ ᠲᠠᠯᠪᠢᠪᠠ᠃         

    ᠬᠣᠶᠠᠷ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭᠲᠦ᠎ ᠵᠢ ᠢᠯᠡᠷᠡᠭᠦᠯᠪᠡ      ᠰᠢᠷᠦᠭᠦᠨ ᠪᠣᠷᠣᠭ᠋ᠠᠨ᠎ᠤ ᠬᠤᠭᠤᠴᠠᠭ᠋ᠠᠨ᠎ᠳᠤ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠦ᠋᠊ᠨ ᠨᠠᠮ᠎ᠤᠨ ᠭᠡᠰᠢᠭᠦᠨ ᠺᠠᠳ᠋ᠷ ᠡᠮᠦᠨ᠎ᠡ᠎ᠨᠢ ᠭᠠᠪᠰᠢᠭ᠋ᠠᠶ᠋ᠢᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠠᠮᠤᠷ ᠲᠦᠪᠰᠢᠨ᠎ᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ  ᠬᠣᠰᠢᠭᠤᠴᠢ》 ᠵᠢᠨ ᠲᠥᠷᠥᠯ ᠲᠡᠮᠳᠡᠭ ᠦ᠋᠊ᠨ ᠠᠭᠤᠯᠤᠭᠳᠠᠬᠤᠨ᠎ᠢ ᠲᠠᠶ᠋ᠢᠯᠪᠤᠷᠢᠯᠠᠪᠠ᠃ 7 ᠰᠠᠷ᠎ᠠ ᠵᠢᠨ 8 ᠎ᠤ ᠡᠳᠦᠷ᠂ 10 ᠎ᠤ ᠰᠥᠨᠢ᠂ ᠬᠣᠲᠠ᠂ ᠬᠣᠰᠢᠭᠤ ᠰᠢᠶᠠᠨ ᠲᠣᠭᠣᠷᠢᠭ ᠬᠣᠶᠠᠷ ᠱᠠᠲᠤᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠣᠳᠬᠤ ᠭᠠᠵᠠᠷ᠎ᠤᠨ ᠶᠡᠷᠦᠩᠬᠡᠶ ᠵᠢᠯᠣᠭᠣᠳᠣᠭᠴᠢ᠂ ᠳᠡᠳ᠋ ᠶᠡᠷᠦᠩᠬᠡᠶ ᠵᠢᠯᠣᠭᠣᠳᠣᠭᠴᠢ ᠨᠠᠷ ᠪᠠᠯᠭ᠋ᠠᠰᠤᠨ᠎ᠤ ᠴᠠᠭ ᠠᠭᠤᠷ᠎ᠤᠨ ᠲᠣᠪᠴᠢᠶ᠎ᠠ᠎ᠳᠤ ᠰᠠᠭᠤᠵᠤ ᠰᠡᠷᠭᠡᠶ᠋ᠢᠯᠡᠨ ᠬᠣᠷᠢᠭᠯᠠᠬᠤ ᠠᠵᠢᠯ᠎ᠢ ᠵᠢᠯᠣᠭᠣᠳᠤᠨ ᠲᠣᠬᠢᠷᠠᠭᠤᠯᠵᠤ᠂ ᠡᠯ᠎ᠡ ᠬᠠᠮᠢᠶ᠎ᠠ ᠪᠥᠬᠥᠶ ᠪᠦᠷᠢᠯᠳᠦᠬᠦᠨ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠨᠥᠬᠥᠳ ᠬᠠᠮᠲᠤᠷᠠᠨ ᠵᠢᠵᠢᠭᠦᠷᠯᠡᠨ ᠰᠠᠬᠢᠬᠤ᠎ᠳᠤ ᠣᠷᠣᠯᠴᠠᠵᠤ᠂ ᠡᠯ᠎ᠡ ᠬᠠᠮᠢᠶ᠎ᠠ ᠪᠥᠬᠥᠶ ᠭᠠᠵᠠᠷ ᠣᠷᠣᠨ ᠦᠶᠡᠷ᠎ᠢ ᠰᠡᠷᠭᠡᠶ᠋ᠢᠯᠡᠬᠦ ᠲᠠᠰ ᠲᠠᠰ᠎ᠤᠨ ᠪᠠᠴᠢᠮ ᠪᠠᠶ᠋ᠢᠳᠠᠯ᠎ᠢ  ᠠᠵᠢᠯᠯᠠᠭ᠎ᠠ ᠵᠢ ᠲᠣᠰ ᠲᠣᠰ ᠡᠬᠢᠯᠡᠭᠦᠯᠪᠡ᠃ 7 ᠰᠠᠷ᠎ᠠ ᠵᠢᠨ 9 ᠎ᠤ ᠡᠳᠦᠷ᠂ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ 2 ᠰᠠᠯᠠᠭ᠎ᠠ ᠳᠡᠳ᠋ ᠲᠣᠪᠴᠢᠶᠠᠨ ᠳᠠᠷᠤᠭ᠎ᠠ᠎ᠪᠠᠷ ᠳᠠᠭ᠋ᠠᠭᠤᠯᠤᠭᠴᠢ ᠪᠣᠯᠭ᠋ᠠᠭᠰᠠᠨ ᠨᠠᠮ᠎ᠤᠨ ᠭᠡᠰᠢᠭᠦᠨ᠎ᠤ ᠭᠠᠪᠰᠢᠭ᠋ᠠᠶ ᠠᠩᠭᠢ ᠵᠢ ᠵᠣᠬᠢᠶᠠᠨ ᠪᠠᠶ᠋ᠢᠭᠤᠯᠵᠤ᠂ ᠨᠢᠭᠡ ᠰᠠᠯᠠᠭ᠎ᠠ᠎ᠨᠢ ᠭᠠᠮᠰᠢᠭ᠎ᠠᠴᠠ ᠠᠪᠤᠷᠬᠠᠤ ᠪᠠᠲᠤᠯᠠᠭ᠎ᠠ ᠵᠢᠨ ᠰᠠᠯᠠᠭ᠎ᠠ᠂ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠰᠠᠯᠠᠭ᠎ᠠ᠂ ᠲᠥᠯᠥᠪᠵᠢᠭᠦᠯᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ ᠦ᠋᠊ᠨ ᠰᠠᠯᠠᠭ᠎ᠠ ᠵᠡᠷᠭᠡ ᠭᠤᠤᠯᠯᠠᠭᠴᠢ ᠬᠦᠴᠦᠨ ᠵᠶ᠋ᠡᠷ ᠪᠦᠷᠢᠯᠳᠦᠵᠦ᠂ ᠬᠦᠨᠳᠦ ᠨᠣᠴᠢᠲᠠᠶ ᠭᠠᠮᠰᠢᠭᠳᠠᠭᠰᠠᠨ ᠦᠶᠤᠸᠠᠨ᠂ ᠤᠷᠠᠳ᠎ᠤᠨ ᠡᠮᠦᠨᠡᠲᠦ ᠬᠣᠰᠢᠭᠤ᠂ ᠤᠷᠠᠳ᠎ᠤᠨ ᠳᠤᠮᠳᠠᠳᠤ ᠬᠣᠰᠢᠭᠤᠨ᠎ᠳᠤ ᠭᠦᠨᠵᠡᠭᠡᠶ᠋ᠢᠷᠡᠨ ᠭᠠᠮᠰᠢᠭ᠎ᠢ ᠪᠠᠶ᠋ᠢᠴᠠᠭ᠋ᠠᠨ ᠭᠠᠮᠰᠢᠭ᠎ᠢ ᠬᠠᠷᠭᠤᠭᠤᠯᠵᠤ᠂ ᠭᠠᠮᠰᠢᠭ᠎ᠠᠴᠠ ᠠᠪᠤᠷᠬᠠᠤ ᠵᠢ ᠵᠢᠯᠣᠭᠣᠳᠪᠠ; ᠨᠥᠭᠥᠭᠡ ᠨᠢᠭᠡ ᠰᠠᠯᠠᠭ᠎ᠠ᠎ᠨᠢ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠣᠲᠠ ᠵᠢᠨ ᠣᠶ ᠰᠢᠭᠤᠶ ᠵᠢᠨ ᠭᠠᠯ ᠤᠨᠲᠠᠷᠠᠭ᠋ᠠᠬᠤ ᠳᠤᠮᠳᠠ ᠠᠩᠭᠢ ᠵᠡᠷᠭᠡ᠎ᠪᠠᠷ ᠪᠦᠷᠢᠯᠳᠦᠵᠦ᠂ ᠠᠪᠤᠷᠠᠨ ᠲᠤᠰᠠᠯᠠᠬᠤ ᠲᠡᠷᠢᠭᠦᠨ᠎ᠤ ᠲᠣᠨᠣᠭ ᠲᠥᠬᠥᠭᠡᠷᠦᠮᠵᠢ ᠵᠢ ᠠᠪᠴᠤ᠂ ᠤᠷᠢᠳ ᠬᠣᠵᠢᠳ ᠤᠷᠠᠳ᠎ᠤᠨ ᠳᠤᠮᠳᠠᠳᠤ ᠬᠣᠰᠢᠭᠤᠨ᠎ᠳᠤ ᠬᠦᠷᠴᠦ ᠬᠠᠷᠢᠯᠴᠠᠭ᠎ᠠ ᠲᠠᠰᠤᠷᠠᠭᠰᠠᠨ ᠬᠥᠮᠦᠰ᠎ᠢ ᠡᠷᠢᠨ ᠠᠪᠤᠷᠠᠵᠤ᠂ ᠦᠶᠤᠸᠠᠨ᠎ᠳᠤ ᠬᠦᠷᠴᠦ ᠤᠰᠤ ᠵᠠᠯᠠᠵᠤ ᠠᠶᠤᠯ᠎ᠠᠴᠠ ᠠᠪᠤᠷᠠᠪᠠ᠃ ᠦᠶᠤᠸᠠᠨ ᠰᠢᠶᠠᠨ᠂ ᠤᠷᠠᠳ᠎ᠤᠨ ᠡᠮᠦᠨᠡᠲᠦ ᠬᠣᠰᠢᠭᠤ ᠵᠡᠷᠭᠡ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠰᠠᠯᠠᠭ᠎ᠠ ᠮᠥᠴᠢᠷ ᠦ᠋᠊ᠨ ᠪᠥᠬᠥ ᠠᠵᠢᠯᠲᠠᠨ 24 ᠴᠠᠭ ᠵᠶ᠋ᠠᠷ ᠵᠢᠵᠢᠭᠦᠷᠯᠡᠨ ᠰᠠᠬᠢᠵᠤ᠂ ᠤᠳᠤᠷᠢᠳᠬᠤ ᠪᠠᠭ ᠬᠡᠰᠡᠭ ᠬᠤᠪᠢᠶᠠᠨ ᠳᠠᠭ᠋ᠠᠭ᠋ᠠᠴᠢᠯᠠᠵᠤ᠂ ᠨᠥᠭᠡᠴᠡ ᠤᠰᠤᠨ ᠬᠥᠭᠡᠷᠭᠡ ᠵᠢ ᠪᠠᠴᠢᠮ ᠰᠢᠯᠵᠢᠭᠦᠯᠦᠨ ᠬᠡᠷᠡᠭᠯᠡᠵᠦ᠂ ᠠᠶᠤᠯ᠎ᠠᠴᠠ ᠠᠪᠤᠷᠠᠨ ᠲᠤᠰᠠᠯᠠᠬᠤ ᠵᠡᠷᠭᠡ ᠠᠵᠢᠯ᠎ᠢ ᠪᠥᠬᠥ ᠬᠦᠴᠦᠨ ᠵᠶ᠋ᠡᠷ ᠵᠶ᠋ᠡᠨ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠲᠡᠭᠡᠷ ᠠᠵᠢᠯᠯᠠᠭ᠎ᠠ᠎ᠨᠢ 《ᠪᠠᠴᠢᠮ ᠪᠠᠶ᠋ᠢᠳᠠᠯ᠎ᠢ  ᠬᠣᠰᠢᠭᠤᠴᠢ᠂ ᠠᠮᠤᠷ ᠲᠦᠪᠰᠢᠨ᠎ᠤ ᠬᠣᠰᠢᠭᠤᠴᠢ》᠂ 《ᠠᠪᠤᠷᠠᠨ ᠲᠤᠰᠠᠯᠠᠬᠤ ᠬᠤᠷᠴᠠ ᠰᠡᠯᠡᠮ᠎ᠡ᠂ ᠠᠶᠤᠯ ᠲᠦᠭᠰᠢᠭᠦᠷᠢ ᠵᠢᠨ ᠬᠣᠰᠢᠭᠤᠴᠢ》 ᠵᠡᠷᠭᠡ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭ ᠦ᠋᠊ᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠢᠯᠡᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ ᠵᠠᠩᠭᠢᠯᠠᠭ᠎ᠠ ᠵᠢᠨ ᠦᠶ᠎ᠡ᠎ᠳᠤ ᠴᠡᠭᠡᠵᠢ ᠳᠦᠷᠢᠨ ᠭᠠᠷᠴᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠠᠲᠤ ᠴᠢᠩᠭ᠎ᠠ ᠬᠦᠴᠦᠨ ᠪᠣᠯᠤᠭᠰᠠᠨ ᠪᠠᠶ᠋ᠢᠨ᠎ᠠ᠃

    ᠭᠤᠷᠪᠠ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠡᠨᠧᠷᠭᠢ ᠣᠯᠭᠣᠵᠤ᠂ ᠨᠠᠮ᠎ᠤᠨ ᠪᠠᠶ᠋ᠢᠭᠤᠯᠤᠯᠲᠠ᠎ᠪᠠᠷ ᠣᠶᠤᠨᠴᠢ ᠪᠠᠴᠢᠮ ᠪᠠᠶ᠋ᠢᠳᠠᠯ᠎ᠢ ᠎ᠳᠤ ᠬᠦᠴᠦᠨ ᠨᠡᠮᠡᠷᠢᠯᠡᠪᠡ

    ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠵᠤ ᠭᠠᠮᠰᠢᠭ᠎ᠠᠴᠠ ᠠᠪᠤᠷᠬᠠᠤ ᠠᠵᠢᠯ᠎ᠤᠨ ᠳᠤᠮᠳᠠ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠡᠨᠧᠷᠭᠢ ᠣᠯᠭᠣᠬᠤ ᠵᠢ ᠴᠢᠬᠤᠯᠠᠴᠢᠯᠠᠵᠤ᠂ ᠨᠠᠮ᠎ᠤᠨ ᠪᠠᠶ᠋ᠢᠭᠤᠯᠤᠯᠲᠠ ᠬᠢᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠢᠩᠭ᠋ᠠᠨ ᠠᠶ᠋ᠢᠮᠠᠭ᠎ᠢ ᠪᠠᠶ᠋ᠢᠭᠤᠯᠬᠤ ᠵᠢ ᠤᠶᠠᠯᠳᠤᠭᠤᠯᠪᠠ᠃ ᠬᠣᠲᠠ ᠵᠢᠨ ᠴᠠᠭ ᠠᠭᠤᠷ᠎ᠤᠨ ᠲᠣᠪᠴᠢᠶ᠎ᠠ ᠳᠠᠭ᠋ᠠᠭᠤᠯᠢ ᠣᠳᠣᠨ᠎ᠤ ᠠᠯᠤᠰ ᠰᠡᠷᠡᠯ ᠦ᠋᠊ᠨ ᠮᠡᠷᠭᠡᠵᠢᠯ ᠵᠶ᠋ᠡᠷ ᠡᠭᠦᠯᠡᠨ ᠵᠢᠷᠤᠭ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠂ ᠲᠣᠮᠣ ᠳ᠋ᠠᠶ᠋ᠢᠲ᠋ᠠ ᠵᠢᠨ ᠲᠠᠪᠴᠠᠩ᠎ᠤᠨ ᠲᠦᠰᠦᠭᠡᠳᠦᠭᠦᠯᠦᠭᠰᠡᠨ ᠰᠢᠷᠦᠭᠦᠨ ᠪᠣᠷᠣᠭ᠋ᠠᠨ᠎ᠤ ᠤᠯᠠᠷᠢᠯ ᠬᠤᠪᠢᠰᠤᠯ᠎ᠲᠠᠢ ᠤᠶᠠᠯᠳᠤᠭᠤᠯᠤᠨ᠂ ᠰᠢᠷᠦᠭᠦᠨ ᠪᠣᠷᠣᠭ᠋ᠠᠨ᠎ᠤ ᠨᠥᠯᠥᠭᠡᠯᠡᠬᠦ ᠬᠡᠪᠴᠢᠶ᠎ᠡ ᠵᠢ ᠤᠷᠢᠳᠴᠢᠯᠠᠨ ᠮᠠᠭ᠋ᠠᠳᠯᠠᠵᠤ᠂ ᠰᠢᠷᠦᠭᠦᠨ ᠪᠣᠷᠣᠭ᠋ᠠᠨ᠂ ᠮᠥᠨᠳᠥᠷ᠂ ᠠᠭᠤᠯᠠᠨ ᠦᠶᠡᠷ ᠦ᠋᠊ᠨ ᠭᠠᠮᠰᠢᠭ᠎ᠤᠨ ᠤᠯᠠᠭ᠋ᠠᠨ ᠥᠩᠭᠡ ᠵᠢᠨ ᠰᠡᠷᠡᠮᠵᠢᠯᠡᠭᠦᠯᠦᠯ ᠦ᠋᠊ᠨ 11 ᠬᠤᠭᠤᠴᠠᠭ᠎ᠠ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠬᠣᠰᠢᠭᠤ ᠰᠢᠶᠠᠨ᠎ᠢ ᠵᠢᠯᠣᠭᠣᠳᠴᠤ ᠪᠠᠶ᠋ᠢᠭ᠋ᠠᠳ ᠡᠯ᠎ᠡ ᠲᠥᠷᠥᠯ ᠦ᠋᠊ᠨ ᠰᠡᠷᠡᠮᠵᠢᠯᠡᠭᠦᠯᠬᠦ ᠮᠡᠳᠡᠭᠡ ᠵᠠᠩᠭᠢ ᠵᠢ 136 ᠬᠤᠭᠤᠴᠠᠭ᠎ᠠ ᠨᠡᠶ᠋ᠢᠲᠡᠯᠡᠵᠦ᠂ ᠴᠠᠭ ᠳᠠᠷᠠᠭ᠋ᠠᠯᠠᠨ ᠬᠤᠷ᠎ᠠ ᠲᠣᠨᠣᠳᠠᠰᠤ ᠵᠢᠨ ᠪᠣᠳᠠᠲᠤ ᠪᠠᠶ᠋ᠢᠳᠠᠯ᠎ᠤᠨ ᠮᠡᠳᠡᠭᠡᠯᠡᠯ ᠪᠠ ᠬᠢᠨᠠᠨ ᠬᠡᠮᠵᠢᠭᠰᠡᠨ ᠮᠡᠳᠡᠭᠡ ᠵᠠᠩᠭᠢ ᠵᠢ 749 ᠵᠤᠷᠪᠤᠰ (ᠬᠤᠭᠤᠴᠠᠭ᠎ᠠ) ᠨᠡᠶ᠋ᠢᠲᠡᠯᠡᠵᠦ᠂ ᠨᠥᠯᠥᠭᠡᠯᠡᠭᠳᠡᠭᠰᠡᠨ ᠣᠷᠣᠨ᠎ᠤ 4104 ᠣᠯᠠᠨ ᠲᠦᠮᠡᠨ᠂ 21065 ᠮᠠᠯ᠂ ᠦᠶᠡᠷ ᠦ᠋᠊ᠨ ᠰᠦᠷᠳᠡᠭᠦᠯᠦᠯ᠎ᠳᠤ ᠤᠴᠠᠷᠠᠭᠰᠠᠨ ᠬᠥᠮᠦᠰ᠎ᠢ ᠪᠦᠬᠦᠨ᠎ᠢ ᠲᠣᠬᠢᠲᠠᠶ ᠲᠥᠪᠬᠢᠨᠡᠭᠦᠯᠬᠦ᠎ᠳᠤ ᠬᠦᠴᠦᠨ ᠨᠡᠮᠡᠷᠢᠯᠡᠪᠡ᠃ ᠦᠶᠤᠸᠠᠨ ᠰᠢᠶᠠᠨ᠎ᠤ ᠪᠠᠴᠢᠮ ᠪᠠᠶ᠋ᠢᠳᠠᠯ᠎ᠢ  ᠠᠪᠤᠷᠠᠨ ᠲᠤᠰᠠᠯᠠᠬᠤ ᠶᠡᠬᠡ ᠠᠩᠭᠢ᠎ᠨᠢ ᠲᠣᠰ ᠭᠠᠵᠠᠷ᠎ᠤᠨ ᠠᠶᠤᠯ᠎ᠠᠴᠠ ᠠᠪᠤᠷᠬᠠᠤ ᠡᠭᠦᠷᠭᠡ᠎ᠪᠠᠨ ᠪᠡᠶᠡᠯᠡᠭᠦᠯᠦᠭᠰᠡᠨ᠎ᠤ ᠳᠠᠷᠠᠭ᠎ᠠ᠂ ᠵᠢᠯᠣᠭᠣᠴᠢ ᠥᠬᠡᠶ ᠨᠢᠰᠬᠡᠯ᠂ ᠤᠰᠤᠨ ᠳᠤᠤᠷᠠᠬᠢ ᠰᠣᠨᠠᠷ ᠵᠶ᠋ᠠᠷ ᠡᠷᠢᠵᠦ ᠠᠪᠤᠷᠬᠠᠤ ᠮᠠᠰᠢᠨ ᠬᠥᠮᠦᠨ ᠵᠡᠷᠭᠡ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠦ᠋᠊ᠨ ᠲᠣᠨᠣᠭᠯᠠᠯ ᠵᠶ᠋ᠠᠨ ᠠᠪᠴᠤ ᠤᠷᠠᠳ᠎ᠤᠨ ᠡᠮᠦᠨᠡᠲᠦ ᠬᠣᠰᠢᠭᠤ ᠵᠢ ᠲᠤᠰᠠᠯᠠᠵᠤ᠂ 《ᠨᠠᠮ᠎ᠤᠨ ᠭᠡᠰᠢᠭᠦᠨ ᠵᠠᠮᠴᠢᠯᠠᠭᠴᠢ ᠰᠢᠨᠵᠢᠯᠡᠭᠡ ᠲᠧᠭᠨᠢᠭ ᠦ᠋᠊ᠨ ᠬᠢᠩᠭ᠋ᠠᠨ》 ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠢᠯᠡᠷᠡᠭᠦᠯᠪᠡ᠃ ᠡᠲᠡᠭᠡᠷ ᠲᠡᠷᠢᠭᠦᠨ᠎ᠤ ᠲᠣᠨᠣᠭ ᠲᠥᠬᠥᠭᠡᠷᠦᠮᠵᠢ ᠵᠢᠨ ᠬᠡᠷᠡᠭᠯᠡᠯᠲᠡ᠎ᠨᠢ ᠠᠪᠤᠷᠠᠨ ᠲᠤᠰᠠᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠥᠬᠡᠶ ᠪᠠᠰᠠ ᠠᠪᠤᠷᠠᠨ ᠲᠤᠰᠠᠯᠠᠬᠤ ᠠᠶᠤᠯ ᠲᠦᠭᠰᠢᠭᠦᠷᠢ ᠵᠢ ᠪᠠᠭ᠋ᠠᠰᠬᠠᠵᠤ᠂ ᠨᠠᠮ᠎ᠤᠨ ᠪᠠᠶ᠋ᠢᠭᠤᠯᠤᠯᠲᠠ ᠵᠢᠨ ᠵᠢᠯᠣᠭᠣᠳᠣᠯᠭ᠎ᠠ ᠳᠤᠤᠷᠠᠬᠢ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠢᠯᠡᠷᠡᠭᠦᠯᠪᠡ᠃

    ᠳᠥᠷᠪᠡ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠨᠠᠮ᠎ᠤᠨ ᠪᠠᠶ᠋ᠢᠭᠤᠯᠤᠯᠲᠠ ᠡᠯ᠎ᠡ ᠲᠠᠯ᠎ᠠ ᠵᠢᠨ ᠬᠦᠴᠦᠨ ᠴᠢᠳᠠᠯ᠎ᠢ ᠨᠢᠭᠲᠠᠷᠠᠭᠤᠯᠪᠠ

    ᠪᠥᠬᠥ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠬᠠᠤ ᠭᠠᠮᠰᠢᠭ᠎ᠠᠴᠠ ᠠᠪᠤᠷᠬᠠᠤ ᠳᠤᠮᠳᠠ 《ᠨᠢᠭᠡ ᠬᠡᠷ ᠦ᠋᠊ᠨ ᠬᠥᠮᠦᠨ》 ᠎ᠤ ᠪᠦᠯᠬᠦᠮᠳᠡᠯ ᠪᠣᠯᠤᠨ ᠡᠭᠦᠷᠭᠡᠯᠡᠯ᠎ᠢ ᠢᠯᠡᠷᠡᠭᠦᠯᠵᠦ᠂ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠣᠪᠴᠢᠶ᠎ᠠ ᠬᠣᠲᠠ ᠵᠢᠨ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠣᠪᠴᠢᠶ᠎ᠠ ᠵᠢᠨ ᠳᠠᠶ᠋ᠢᠴᠢᠯᠠᠯᠲᠠ ᠵᠢᠨ ᠵᠠᠷᠯᠢᠭ᠎ᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠰᠥᠨᠢ  ᠡᠳ᠋ ᠪᠣᠳᠠᠰ ᠪᠦᠷᠢᠳᠬᠡᠨ᠂ ᠰᠢᠯᠢᠳᠡᠭ ᠴᠡᠷᠢᠭ ᠲᠠᠲᠠᠵᠤ᠂ 108 ᠰᠠᠭᠤᠷᠢ ᠤᠰᠤᠲᠤᠯ᠎ᠢ ᠵᠠᠯᠠᠬᠤ ᠤᠰᠤᠨ ᠬᠥᠭᠡᠷᠭᠡ ᠳᠥᠷᠪᠡᠨ ᠵᠦᠭ ᠨᠠᠢ᠍ᠮᠠᠨ ᠵᠣᠪᠬᠢᠰ᠎ᠠᠴᠠ ᠦᠶᠤᠸᠠᠨ᠎ᠢ ᠲᠤᠰᠠᠯᠠᠪᠠ᠃ ᠬᠣᠲᠠ ᠵᠢᠨ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠣᠪᠴᠢᠶ᠎ᠠ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠲᠠᠢ ᠵᠣᠬᠢᠴᠠᠭᠤᠯᠤᠨ 50 ᠤᠰᠤᠨ ᠬᠥᠭᠡᠷᠭᠡ ᠵᠢ ᠭᠠᠮᠰᠢᠭᠳᠠᠭᠰᠠᠨ ᠬᠣᠰᠢᠭᠤ ᠰᠢᠶᠠᠨ᠎ᠳᠤ ᠰᠢᠯᠵᠢᠭᠦᠯᠦᠨ ᠥᠭᠴᠦ ᠦᠶᠡᠷ᠎ᠢ ᠰᠡᠷᠭᠡᠶ᠋ᠢᠯᠡᠨ ᠤᠰᠤᠲᠤᠯ᠎ᠢ ᠵᠠᠯᠠᠬᠤ᠎ᠳᠤ ᠬᠡᠷᠡᠭᠯᠡᠭᠦᠯᠵᠦ᠂ ᠤᠷᠠᠳ᠎ᠤᠨ ᠳᠤᠮᠳᠠᠳᠤ ᠬᠣᠰᠢᠭᠤᠨ᠎ᠳᠤ ᠲᠤᠭᠤᠯᠭ᠋ᠠᠨ ᠤᠲᠠᠰᠤᠨ ᠲᠤᠤᠷ᠂ ᠦᠶᠡᠷ᠎ᠢ ᠰᠡᠷᠭᠡᠶ᠋ᠢᠯᠡᠬᠦ ᠤᠰᠤ ᠬᠠᠰᠢᠬᠤ ᠬᠠᠪᠲᠠᠰᠤ ᠵᠡᠷᠭᠡ 14 ᠲᠥᠷᠥᠯ ᠦ᠋᠊ᠨ ᠡᠳ᠋ ᠪᠣᠳᠠᠰ ᠰᠢᠯᠵᠢᠭᠦᠯᠦᠨ ᠥᠭᠬᠦ ᠵᠢ ᠵᠣᠬᠢᠴᠠᠭᠤᠯᠪᠠ; ᠦᠶᠤᠸᠠᠨ ᠰᠢᠶᠠᠨ᠎ᠳᠤ ᠡᠯ᠎ᠡ ᠲᠥᠷᠥᠯ ᠦ᠋᠊ᠨ ᠲᠣᠮᠣ ᠬᠡᠯᠪᠡᠷᠢ ᠵᠢᠨ ᠤᠰᠤᠲᠤᠯ ᠵᠠᠯᠠᠬᠤ ᠤᠰᠤᠨ ᠬᠥᠭᠡᠷᠭᠡ᠂ ᠭᠡᠷᠡᠯᠲᠦᠭᠦᠯᠭᠡ ᠵᠢᠨ ᠳ᠋ᠧᠩ᠂ ᠤᠬᠤᠬᠤ ᠮᠠᠰᠢᠨ ᠵᠡᠷᠭᠡ 17 ᠰᠠᠭᠤᠷᠢ ᠲᠣᠬᠢᠷᠠᠭᠤᠯᠵᠤ ᠥᠭᠪᠡ; ᠤᠷᠠᠳ᠎ᠤᠨ ᠡᠮᠦᠨᠡᠲᠦ ᠬᠣᠰᠢᠭᠤᠨ᠎ᠳᠤ 5 ᠲᠣᠮᠣ ᠬᠡᠯᠪᠡᠷᠢ ᠵᠢᠨ ᠤᠰᠤᠲᠤᠯ ᠵᠠᠯᠠᠬᠤ ᠬᠥᠭᠡᠷᠭᠡ ᠲᠣᠬᠢᠷᠠᠭᠤᠯᠵᠤ ᠥᠭᠭᠦᠨ᠎ᠡ; ᠯᠢᠨ ᠾᠧ ᠲᠣᠭᠣᠷᠢᠭ᠎ᠲᠤ 200 ᠲᠣᠨ ᠰᠢᠯᠵᠢᠭᠦᠯᠦᠨ ᠥᠭᠪᠡ᠃ ᠳ᠋ᠸᠩᠺᠸᠤ ᠰᠢᠶᠠᠨ᠂ ᠤᠷᠠᠳ᠎ᠤᠨ ᠬᠣᠶ᠋ᠢᠲᠤ ᠬᠣᠰᠢᠭᠤ᠂ ᠤᠷᠠᠳ᠎ᠤᠨ ᠳᠤᠮᠳᠠᠳᠤ ᠬᠣᠰᠢᠭᠤ ᠵᠡᠷᠭᠡ ᠬᠣᠰᠢᠭᠤ ᠡᠩ ᠲᠡᠷᠢᠭᠦᠨ᠎ᠳᠤ ᠰᠢᠯᠵᠢᠭᠦᠯᠦᠨ ᠲᠣᠮᠢᠯᠠᠭᠰᠠᠨ ᠡᠳ᠋ ᠪᠣᠳᠠᠰ ᠵᠶ᠋ᠠᠨ ᠭᠠᠮᠰᠢᠭᠳᠠᠭᠰᠠᠨ ᠣᠷᠣᠨ᠎ᠳᠤ ᠬᠦᠷᠭᠡᠪᠡ᠂ ᠢᠯᠠᠩᠭᠤᠶ᠎ᠠ ᠬᠠᠩᠭᠢᠨ ᠬᠣᠶ᠋ᠢᠲᠤ ᠬᠣᠰᠢᠭᠤᠨ᠎ᠤ ᠪᠠᠴᠢᠮ ᠪᠠᠶ᠋ᠢᠳᠠᠯ᠎ᠢ  ᠬᠠᠮᠢᠶᠠᠷᠤᠯᠲᠠ ᠵᠢᠨ ᠲᠣᠪᠴᠢᠶᠠᠨ᠎ᠤ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠡᠨ ᠵᠠᠭᠤ ᠭᠠᠷᠤᠢ ᠺᠢᠯᠤᠮᠸᠲᠷ ᠠᠶᠠᠯᠠᠵᠤ᠂ ᠤᠰᠤᠲᠤᠯ᠎ᠢ ᠵᠠᠯᠠᠬᠤ ᠤᠰᠤᠨ ᠬᠥᠭᠡᠷᠭᠡ ᠵᠢ ᠭᠠᠮᠰᠢᠭᠳᠠᠭᠰᠠᠨ ᠣᠷᠣᠨ᠎ᠳᠤ ᠬᠦᠷᠭᠡᠭᠰᠡᠨ ᠪᠥᠭᠡᠳ ᠤᠰᠤᠲᠤᠯ᠎ᠢ ᠵᠠᠯᠠᠬᠤ ᠠᠵᠢᠯ᠎ᠢ ᠵᠢᠯᠣᠭᠣᠳᠪᠠ᠃ ᠡᠲᠡᠭᠡᠷ ᠰᠡᠳᠬᠢᠯ ᠬᠥᠳᠡᠯᠭᠡᠮ᠎ᠡ ᠦᠵᠡᠭᠳᠡᠯ᠎ᠨᠢ 《ᠬᠣᠯᠪᠣᠭ᠋ᠠᠯᠠᠨ ᠵᠢᠵᠢᠭᠦᠷᠯᠡᠵᠦ ᠬᠣᠯᠪᠣᠭ᠋ᠠᠯᠠᠨ ᠬᠥᠳᠡᠯᠦᠯᠴᠡᠵᠦ ᠪᠠᠴᠢᠮ ᠪᠠᠶ᠋ᠢᠳᠠᠯ᠎ᠢ ᠎ᠳᠤ ᠰᠡᠳᠬᠢᠯ ᠵᠶ᠋ᠡᠨ ᠨᠢᠭᠡᠳᠬᠡᠬᠦ》 ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭ ᠦ᠋᠊ᠨ ᠭᠦᠨᠵᠡᠭᠡᠶ ᠠᠭᠤᠯᠤᠭᠳᠠᠬᠤᠨ᠎ᠢ ᠢᠯᠡᠷᠡᠭᠦᠯᠵᠦ᠂ ᠡᠯ᠎ᠡ ᠬᠣᠰᠢᠭᠤ ᠰᠢᠶᠠᠨ ᠲᠣᠭᠣᠷᠢᠭ᠎ᠤᠨ᠎ᠬᠢᠨ 《ᠨᠢᠭᠡ ᠬᠥᠯᠭᠡ ᠰᠢᠲᠠᠷ᠎ᠠ》 ᠵᠢᠨ ᠪᠠᠶ᠋ᠢᠷᠢᠰᠢᠯ᠂ 《ᠨᠢᠭᠡ ᠰᠡᠳᠬᠢᠯ》 ᠎ᠤᠨ ᠢᠲᠡᠭᠡᠯ ᠵᠣᠷᠢᠭ ᠵᠶ᠋ᠠᠷ ᠭᠠᠮᠰᠢᠭ᠎ᠢ ᠬᠠᠮᠲᠤ᠎ᠪᠠᠷ ᠠᠷᠭ᠋ᠠᠴᠠᠭ᠋ᠠᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠡᠶ᠃ 

    ᠲᠠᠪᠤ᠂ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠵᠤ᠂ ᠨᠠᠮ᠎ᠤᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠪᠠ

    ᠭᠠᠮᠰᠢᠭ ᠡᠭᠦᠰᠦᠭᠰᠡᠨ᠎ᠤ ᠳᠠᠷᠠᠭ᠎ᠠ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ᠎ᠨᠢ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠤᠰᠤ ᠵᠠᠯᠠᠵᠤ ᠤᠰᠤᠲᠤᠯ᠎ᠢ ᠵᠠᠯᠠᠬᠤ ᠵᠡᠷᠭᠡ ᠭᠠᠮᠰᠢᠭ᠎ᠠᠴᠠ ᠠᠪᠤᠷᠠᠵᠤ ᠭᠠᠮᠰᠢᠭ᠎ᠢ ᠪᠠᠭ᠋ᠠᠰᠬᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠪᠠ᠃ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠰᠢᠭᠤ ᠰᠢᠶᠠᠨ ᠲᠣᠭᠣᠷᠢᠭ ᠪᠠ ᠪᠦᠷᠢᠯᠳᠦᠬᠦᠨ ᠨᠢᠭᠡᠴᠡ ᠵᠢ ᠪᠥᠬᠥ ᠲᠠᠯ᠎ᠠ᠎ᠪᠠᠷ ᠳᠠᠶ᠋ᠢᠴᠢᠯᠠᠵᠤ ᠪᠠᠶ᠋ᠢᠭ᠋ᠠᠳ ᠭᠠᠮᠰᠢᠭ᠎ᠤᠨ ᠳᠠᠷᠠᠭ᠋ᠠᠬᠢ ᠰᠡᠷᠭᠡᠶ᠋ᠢᠯᠡᠨ ᠠᠷᠭ᠋ᠠᠴᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠪᠡ᠃ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠠᠯᠪᠠᠨ ᠬᠡᠷ᠎ᠠᠴᠠ ᠠᠶᠤᠯ ᠭᠠᠮᠰᠢᠭ᠎ᠠᠴᠠ ᠠᠪᠤᠷᠬᠠᠤ ᠡᠳ᠋ ᠪᠣᠳᠠᠰ ᠲᠣᠨᠣᠭᠯᠠᠯ ᠭᠤᠶᠤᠴᠢᠯᠠᠵᠤ᠂ ᠣᠲᠣ ᠪᠣᠯᠲᠠᠯ᠎ᠠ᠂ ᠨᠡᠪᠴᠢᠯᠲᠡ ᠵᠢ ᠰᠡᠷᠭᠡᠶ᠋ᠢᠯᠡᠬᠦ ᠡᠭᠡᠷᠡᠭᠦᠯ ᠥᠬᠡᠶ ᠪᠥᠰ᠂ ᠲᠤᠭᠤᠯᠭ᠋ᠠᠨ ᠤᠲᠠᠰᠤᠨ ᠲᠤᠤᠷ᠂ ᠭᠧ ᠪᠢᠨ ᠲᠤᠤᠷ ᠵᠡᠷᠭᠡ 29960 ᠲᠡᠭᠰᠢ ᠳᠥᠷᠪᠡᠯᠵᠢᠨ ᠂ ᠲᠣᠨ ᠤᠭᠤᠲᠠ᠂ ᠨᠡᠬᠡᠮᠡᠯ ᠦ᠋᠊ᠨ ᠤᠭᠤᠲᠠ᠂ ᠠᠪᠤᠷᠠᠯᠳᠠ ᠵᠢᠨ ᠬᠤᠪᠴᠠᠰᠤ 12800 ᠨᠥᠬᠥᠴᠡᠯ (ᠨᠥᠬᠥᠴᠡᠯ) ᠎ᠢ ᠭᠤᠶᠤᠴᠢᠯᠠᠨ ᠣᠯᠵᠠᠶ; ᠨᠢᠭᠡᠨᠲᠡ ᠡᠯ᠎ᠡ ᠲᠥᠷᠥᠯ ᠦ᠋᠊ᠨ ᠴᠠᠶ᠋ᠢᠶᠢᠦ ᠲᠣᠰᠣᠨ᠎ᠤ ᠴᠠᠬᠢᠯᠭ᠋ᠠᠨ ᠭᠠᠷᠭ᠋ᠠᠬᠤ ᠮᠠᠰᠢᠨ᠂ ᠪᠠᠴᠢᠮ ᠪᠠᠶ᠋ᠢᠳᠠᠯ᠎ᠢ ᠠᠷᠭ᠋ᠠᠴᠠᠬᠤ ᠳ᠋ᠧᠩ ᠦ᠋᠊ᠨ ᠲᠡᠷᠭᠡ᠂ ᠤᠰᠤᠲᠤᠯ᠎ᠢ ᠵᠠᠯᠠᠬᠤ ᠲᠣᠮᠣ ᠬᠡᠯᠪᠡᠷᠢ ᠵᠢᠨ ᠬᠥᠭᠡᠷᠭᠡ ᠵᠡᠷᠭᠡ ᠲᠥᠬᠥᠭᠡᠷᠦᠮᠵᠢ ᠵᠢ 14 ᠰᠠᠭᠤᠷᠢ ᠲᠣᠬᠢᠷᠠᠭᠤᠯᠤᠨ ᠪᠠᠭᠤᠯᠭ᠋ᠠᠪᠠ᠃ ᠬᠣᠲᠠ᠂ ᠬᠣᠰᠢᠭᠤ ᠰᠢᠶᠠᠨ ᠲᠣᠭᠣᠷᠢᠭ ᠬᠣᠶᠠᠷ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠠᠯᠠᠭ᠎ᠠ ᠮᠥᠴᠢᠷ ᠦ᠋᠎ᠤᠨ ᠨᠠᠮ᠎ᠤᠨ ᠭᠡᠰᠢᠭᠦᠨ ᠎ᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠭᠠᠮᠰᠢᠭᠳᠠᠭᠰᠠᠨ ᠭᠠᠵᠠᠷ ᠣᠷᠣᠨ᠎ᠳᠤ ᠭᠦᠨᠵᠡᠭᠡᠶ᠋ᠢᠷᠡᠨ ᠤᠰᠤᠲᠤᠯ᠎ᠢ ᠠᠷᠢᠯᠭ᠋ᠠᠨ ᠠᠶᠤᠯ᠎ᠠᠴᠠ ᠠᠪᠤᠷᠠᠬᠤ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠂ ᠭᠠᠮᠰᠢᠭ᠎ᠢ ᠬᠢᠨᠠᠨ ᠬᠠᠷᠭᠤᠭᠤᠯᠵᠤ ᠭᠠᠮᠰᠢᠭ᠎ᠠᠴᠠ ᠮᠡᠳᠡᠭᠦᠯᠬᠦ᠂ ᠲᠠᠷᠢᠶᠠᠯᠠᠩ᠎ᠢ ᠲᠤᠰᠠᠯᠠᠵᠤ ᠵᠣᠭᠣᠰ ᠲᠤᠰᠠᠯᠠᠬᠤ ᠵᠡᠷᠭᠡ ᠬᠠᠪᠰᠤᠷᠤᠨ ᠲᠡᠳᠬᠦᠵᠦ ᠵᠢᠯᠣᠭᠣᠳᠬᠤ ᠠᠵᠢᠯ᠎ᠢ ᠥᠷᠨᠢᠭᠦᠯᠵᠦ᠂ ᠭᠠᠮᠰᠢᠭᠳᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠵᠤ᠂ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠲᠦᠷᠭᠡᠬᠡᠨ ᠬᠡᠪ ᠦ᠋᠊ᠨ ᠪᠠᠶ᠋ᠢᠳᠠᠯ᠎ᠳᠤᠨᠢ ᠣᠷᠣᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠨᠠᠮ᠎ᠤᠨ ᠭᠡᠰᠢᠭᠦᠨ ᠺᠠᠳ᠋ᠷᠴᠤᠳ ᠪᠣᠳᠠᠲᠤ ᠠᠵᠢᠯᠯᠠᠭ᠎ᠠ᠎ᠪᠠᠷ ᠵᠶ᠋ᠠᠨ 《ᠪᠠᠴᠢᠮ ᠪᠠᠶ᠋ᠢᠳᠠᠯ᠎ᠢ  ᠦᠢ᠍ᠯᠡᠴᠢᠯᠡᠭᠡ ᠬᠠᠯᠠᠭᠤᠨ ᠳᠤᠯᠠᠭ᠋ᠠᠨ ᠥᠷᠲᠡᠭᠡ》 ᠵᠢᠨ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠥᠷᠥᠯ ᠲᠡᠮᠳᠡᠭᠲᠦ ᠵᠢᠨ ᠬᠠᠶ᠋ᠢᠷ᠎ᠠ ᠬᠠᠯᠠᠮᠵᠢ ᠵᠢ ᠢᠯᠡᠷᠡᠭᠦᠯᠵᠦ᠂ ᠨᠠᠮ᠎ᠤᠨ ᠬᠠᠯᠠᠮᠵᠢᠯᠠᠯ ᠳᠡᠮᠵᠢᠯᠭᠡ ᠵᠢ ᠳᠠᠮᠵᠢᠭᠤᠯᠵᠤ᠂ ᠠᠷᠠᠳ ᠣᠯᠠᠨ᠎ᠤ ᠠᠮᠤᠷ ᠲᠦᠪᠰᠢᠨ᠎ᠤ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠨᠡᠮᠡᠭᠳᠡᠭᠦᠯᠪᠡ᠃ ᠣᠳᠣᠬᠠᠨ᠎ᠳᠤ᠂ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠵᠤ ᠭᠠᠮᠰᠢᠭ᠎ᠠᠴᠠ ᠠᠪᠤᠷᠬᠠᠤ ᠠᠵᠢᠯ ᠶᠠᠭ ᠭᠦᠨᠵᠡᠭᠡᠶ ᠥᠷᠨᠢᠵᠦ ᠪᠣᠶ᠂ ᠪᠠᠶᠠᠨᠨᠠᠭᠤᠷ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ᠎ᠨᠢ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ᠂ 《ᠬᠣᠰᠢᠭᠤᠴᠢ ᠬᠣᠲᠠ ᠵᠢ ᠬᠠᠮᠲᠤ᠎ᠪᠠᠷ ᠪᠥᠲᠥᠭᠡᠨ ᠪᠠᠶ᠋ᠢᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠵᠤ᠂ 《ᠠᠮᠤᠷ ᠲᠦᠪᠰᠢᠨ᠎ᠢ ᠬᠠᠮᠠᠭ᠋ᠠᠯᠠᠵᠤ᠂ ᠪᠠᠴᠢᠮ ᠪᠠᠶ᠋ᠢᠳᠠᠯ᠎ᠢ  ᠬᠣᠰᠢᠭᠤᠴᠢ》 ᠨᠠᠮ᠎ᠤᠨ ᠪᠠᠶ᠋ᠢᠭᠤᠯᠤᠯᠲᠠ ᠵᠢᠨ ᠲᠥᠷᠥᠯ ᠲᠡᠮᠳᠡᠭ᠎ᠢ ᠢᠮᠠᠭᠲᠠ ᠲᠤᠭᠤᠰᠢᠯᠠᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠪᠣᠯᠤᠨ᠎ᠠ᠃ ᠤᠷᠢᠳᠴᠢᠯᠠᠨ ᠪᠠᠶ᠋ᠢᠷᠢᠯᠠᠭᠤᠯᠬᠤ᠂ ᠡᠮᠦᠨ᠎ᠡ᠎ᠨᠢ ᠭᠠᠪᠰᠢᠭ᠋ᠠᠶ᠋ᠢᠯᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠴᠢᠳᠠᠪᠤᠷᠢ ᠣᠯᠭᠣᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠪᠠ ᠭᠠᠮᠰᠢᠭ᠎ᠠᠴᠠ ᠠᠪᠤᠷᠠᠵᠤ ᠭᠠᠮᠰᠢᠭ᠎ᠢ ᠪᠠᠭ᠋ᠠᠰᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ᠎ᠪᠠᠷ ᠳᠡᠮᠵᠢᠨ᠂ ᠪᠥᠬᠥ ᠬᠣᠲᠠ ᠵᠢᠨ ᠪᠠᠴᠢᠮ ᠪᠠᠶ᠋ᠢᠳᠠᠯ᠎ᠢ  ᠰᠢᠰᠲ᠋ᠧᠮ ᠦ᠋᠊ᠨ ᠨᠠᠮ᠎ᠤᠨ ᠭᠡᠰᠢᠭᠦᠨ ᠺᠠᠳ᠋ᠷᠴᠤᠳ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠡᠮᠦᠨ᠎ᠡ ᠹᠷᠣᠨᠲ᠎ᠲᠤ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭ᠎ᠢ ᠢᠯᠡᠷᠡᠭᠦᠯᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠵᠢᠨ ᠪᠠᠴᠢᠮ ᠪᠠᠶ᠋ᠢᠳᠠᠯ᠎ᠢ  ᠬᠠᠮᠢᠶᠠᠷᠤᠭᠴᠢ ᠵᠢᠨ ᠬᠠᠷᠢᠭᠤᠴᠠᠯᠭ᠎ᠠ ᠪᠠ ᠡᠭᠦᠷᠭᠡᠯᠡᠯ᠎ᠢ ᠪᠥᠬᠥ ᠲᠠᠯ᠎ᠠ᠎ᠪᠠᠷ ᠢᠯᠡᠷᠡᠭᠦᠯᠪᠡ᠃

ᠢᠷᠡᠯᠲᠡ᠄          
          
ᠬᠠᠮᠢᠶ᠎ᠡ ᠪᠦᠬᠦᠢ ᠰᠣᠨᠢᠨ
 
            