9 ᠳ᠋ᠦ᠍ᠭᠡᠷ ᠰᠠᠷ᠎ᠠ᠎ᠶᠢᠨ 23᠎ᠤ ᠡᠳᠦᠷ᠎ᠦᠨ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠢᠨᠲᠧᠷ ᠰᠦᠯᠵᠢᠶ᠎ᠡ᠎ᠶᠢᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ ᠬᠠᠮᠲᠤᠷᠠᠨ ᠡᠷᠭᠢᠯᠡᠭᠰᠡᠨ 《ᠳ᠋ᠢᠭᠢᠲ ᠣᠶᠤᠯᠢᠭ᠋ ᠮᠡᠷᠭᠡᠵᠢᠯ᠎ᠢᠶᠡᠷ ᠴᠢᠳᠠᠮᠵᠢ ᠣᠯᠭᠣᠵᠤ ᠣᠷᠳᠣᠨ ᠮᠦᠽᠸᠢ᠎ᠪᠡᠷ ᠳᠤᠮᠳᠠᠳᠤ ᠤᠯᠤᠰ᠎ᠦᠨ ᠰᠣᠶᠣᠯ᠎ᠢ ᠬᠠᠢᠬᠤᠢ》 ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ᠃
ᠡᠬᠢᠯᠡᠯᠲᠡ᠎ᠶᠢᠨ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠳ᠂ ᠰᠣᠶᠣᠯ ᠮᠦᠽᠧᠢ᠎ᠶᠢᠨ ᠪᠠᠢᠭᠤᠯᠤᠮᠵᠢ᠎ᠶᠢᠨ ᠲᠥᠯᠥᠭᠡᠯᠡᠭᠴᠢᠳ᠂ ᠢᠨᠲᠸᠷ ᠰᠦᠯᠵᠢᠶᠡᠨ᠎ᠦ ᠠᠵᠤ ᠠᠬᠤᠢᠯᠠᠯ᠎ᠤᠨ ᠲᠥᠯᠥᠭᠡᠯᠡᠭᠴᠢᠳ᠂ ᠰᠦᠯᠵᠢᠶᠡᠨ᠎ᠦ ᠪᠦᠷᠭᠡ᠎ᠶᠢᠨ ᠬᠥᠲᠥᠯᠥᠭᠴᠢᠳ ᠵᠢᠴᠢ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠨᠠᠷ ᠵᠡᠷᠭᠡ 50 ᠭᠠᠷᠤᠢ ᠬᠦᠨᠳᠦᠲᠦ ᠵᠣᠴᠢᠳ ᠨᠢᠭᠡ ᠲᠠᠩᠬᠢᠮ᠎ᠳᠤ ᠴᠤᠭᠯᠠᠷᠠᠵᠤ᠂ ᠳ᠋ᠢᠭᠢᠲ ᠣᠶᠤᠯᠢᠭ᠋ ᠮᠡᠷᠭᠡᠵᠢᠯ᠎ᠤᠨ ᠴᠠᠭ ᠦᠶ᠎ᠡ᠎ᠳᠦ ᠰᠣᠶᠣᠯ᠎ᠢᠶᠠᠨ ᠤᠯᠠᠮᠵᠢᠯᠠᠨ ᠬᠥᠭᠵᠢᠭᠦᠯᠬᠦ ᠰᠢᠨ᠎ᠡ ᠠᠵᠠ ᠲᠣᠬᠢᠶᠠᠯ ᠪᠠ ᠰᠢᠨ᠎ᠡ ᠦᠢᠯᠡᠳᠦᠯᠭᠡ᠎ᠶᠢ ᠬᠠᠮᠲᠤ᠎ᠪᠠᠷ ᠰᠤᠳᠤᠯᠤᠨ ᠶᠠᠷᠢᠯᠴᠠᠵᠠᠭᠠᠪᠠ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ 《ᠳ᠋ᠢᠭᠢᠲ ᠣᠶᠤᠯᠢᠭ᠋ ᠮᠡᠷᠭᠡᠵᠢᠯ᠎ᠢᠶᠡᠷ ᠴᠢᠳᠠᠮᠵᠢ ᠣᠯᠭᠣᠵᠤ ᠣᠷᠳᠣᠨ ᠮᠦᠽᠸᠢ᠎ᠪᠡᠷ ᠳᠤᠮᠳᠠᠳᠤ ᠤᠯᠤᠰ᠎ᠦᠨ ᠰᠣᠶᠣᠯ᠎ᠢ ᠬᠠᠢᠬᠤᠢ》 ᠠᠵᠢᠯᠯᠠᠭ᠎ᠠ᠎ᠪᠠᠷ ᠬᠦᠨᠳᠦᠲᠦ ᠵᠣᠴᠢᠳ᠎ᠢ ᠵᠣᠬᠢᠶᠠᠨ ᠪᠠᠢᠭᠤᠯᠵᠤ ᠪᠠᠢᠭᠠᠳ ᠣᠨᠴᠠᠯᠢᠭ᠍ᠲᠤ ᠮᠦᠽᠧᠢᠨᠦᠭᠦᠳᠢᠶᠠᠷ ᠲᠣᠭᠣᠷᠢᠨ ᠰᠤᠷᠪᠤᠯᠵᠢᠯᠠᠵᠤ᠂ ᠳ᠋ᠢᠭᠢᠲ ᠠᠷᠭ᠎ᠠ ᠪᠠᠷᠢᠯ᠎ᠢ ᠠᠰᠢᠭ᠍ᠯᠠᠨ ᠳᠤᠮᠳᠠᠳᠤ᠎ᠶᠢᠨ ᠪᠣᠯᠪᠠᠰᠤᠨ᠎ᠤ ᠥᠷᠭᠡᠨ ᠳᠡᠯᠭᠡᠷ ᠭᠦᠨ ᠭᠦᠨᠵᠡᠭᠡᠢ ᠠᠭᠤᠯᠬᠤᠨ᠎ᠢ ᠰᠢᠨ᠎ᠡ᠎ᠪᠡᠷ ᠳᠡᠯᠭᠡᠨ ᠦᠵᠡᠭᠦᠯᠬᠦ ᠪᠣᠯᠣᠨ᠎ᠠ᠃ ᠠᠵᠢᠯᠯᠠᠭ᠎ᠠ᠎ᠶᠢᠨ ᠵᠣᠷᠢᠯᠭ᠎ᠠ ᠨᠢ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ ᠲᠠᠪᠴᠠᠩ ᠪᠠᠢᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠤᠯᠠᠷᠢᠭᠤᠯᠬᠤ᠂ ᠰᠢᠨ᠎ᠡ ᠡᠭᠦᠳᠦᠯᠲᠡ᠎ᠶᠢᠨ ᠴᠢᠨᠠᠷᠲᠠᠢ ᠬᠥᠭᠵᠢᠭᠦᠯᠬᠦ᠎ᠶᠢ ᠨᠢ ᠠᠬᠢᠭᠤᠯᠬᠤ ᠲᠠᠯ᠎ᠠ᠎ᠪᠠᠷ ᠬᠢ ᠳ᠋ᠢᠭᠢᠲ ᠮᠡᠷᠭᠡᠵᠢᠯ᠎ᠦᠨ ᠲᠡᠷᠢᠭᠦᠨ᠎ᠦ ᠠᠷᠭ᠎ᠠ ᠬᠢᠳᠡᠯ ᠬᠢᠭᠡᠳ ᠨᠡᠢᠲᠡᠯᠢᠭ ᠵᠢᠱ᠌ᠢᠶᠡᠨᠦᠭᠦᠳᠢ ᠳᠡᠯᠭᠡᠨ ᠦᠵᠡᠭᠦᠯᠵᠦ᠂ ᠮᠡᠷᠭᠡᠵᠢᠯ᠎ᠢᠶᠡᠷ ᠰᠣᠶᠣᠯ᠎ᠢ ᠬᠠᠮᠠᠭᠠᠯᠠᠬᠤ᠂ ᠤᠯᠠᠮᠵᠢᠯᠠᠬᠤ ᠪᠠ ᠳᠡᠯᠭᠡᠷᠡᠭᠦᠯᠬᠦ᠎ᠳᠤ ᠴᠢᠳᠠᠮᠵᠢ ᠣᠯᠭᠣᠨ ᠰᠢᠨ᠎ᠡ᠎ᠶᠢ ᠡᠭᠦᠳᠦᠭᠰᠡᠨ ᠦᠯᠢᠭᠡᠷ᠎ᠤᠳ᠎ᠢ ᠰᠠᠢᠲᠤᠷ ᠶᠠᠷᠢᠵᠤ᠂ ᠰᠣᠶᠣᠯ᠎ᠤᠨ ᠤᠯᠠᠮᠵᠢᠯᠠᠯ ᠵᠠᠯᠭᠠᠮᠵᠢᠯᠠᠯ ᠪᠠ ᠳ᠋ᠢᠭᠢᠲ ᠣᠶᠤᠯᠢᠭ᠋ ᠮᠡᠷᠭᠡᠵᠢᠯ᠎ᠤᠨ ᠰᠢᠨ᠎ᠡ ᠡᠭᠦᠳᠦᠯᠲᠡ ᠲᠠᠢ᠎ᠪᠠᠷ ᠬᠠᠷᠢᠯᠴᠠᠨ ᠴᠢᠳᠠᠮᠵᠢ ᠣᠯᠭᠣᠬᠤ᠂ ᠬᠠᠮᠵᠢᠯᠴᠠᠨ ᠬᠥᠭᠵᠢᠬᠦ᠎ᠶᠢ ᠨᠢ ᠠᠬᠢᠭᠤᠯᠬᠤ᠎ᠶᠢᠨ ᠲᠥᠯᠥᠭᠡ ᠶᠤᠮ᠃