ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠣᠷᠣᠨ ᠨᠤᠲᠤᠭ᠎ᠤᠨ ᠪᠠᠶ᠋ᠢᠳᠠᠯ
ᠰᠢᠯᠢ ᠵᠢᠨ ᠭᠣᠣᠯ ᠠᠢᠮᠠᠭ᠄ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ ᠪᠦᠭᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ ᠶ᠋ᠢ ᠰᠤᠷᠤᠯᠴᠠᠨ 
ᠨᠡᠶ᠋ᠢᠲᠡᠯᠡᠭᠰᠡᠨ ᠴᠠᠭ᠄ 2026-01-19

1 ᠰᠠᠷ᠎ᠠ ᠵᠢᠨ 14᠎ᠤ ᠡᠳᠦᠷ᠎ᠤᠨ ᠦᠳᠡ ᠵᠢᠨ ᠬᠣᠢᠨ᠎ᠠ᠂ ᠰᠢᠯᠢ ᠵᠢᠨ ᠭᠣᠣᠯ ᠠᠢᠮᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ  ᠭᠦᠸᠧ ᠳ᠋ᠦᠩ ᠨᠠᠮ᠎ᠤᠨ ᠬᠣᠷᠢᠶᠠᠨ᠎ᠤ(ᠥᠷᠭᠡᠳᠬᠡᠭᠰᠡᠨ) ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠦᠭᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ᠂ ᠲᠤᠰᠬᠠᠢ ᠰᠡᠳᠦᠪ ᠵᠶ᠋ᠠᠷ ᠰᠤᠳᠤᠯᠤᠨ ᠶᠠᠷᠢᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠪᠦᠭᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠸᠢᠳᠢᠤ᠋ ᠬᠤᠷᠠᠯ᠎ᠠᠴᠠ 2025 ᠣᠨ᠎ᠤ ᠪᠦᠭᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠎ᠤᠨ ᠠᠵᠢᠯ᠎ᠤᠨ ᠪᠠᠢᠳᠠᠯ᠎ᠢ ᠨᠠᠷᠢᠨ ᠳ᠋ᠦᠩᠨᠡᠵᠦ᠂ 2026 ᠣᠨ᠎ᠤ ᠡᠯ᠎ᠡ ᠵᠦᠢᠯ᠎ᠤᠨ ᠠᠵᠢᠯ᠎ᠢ ᠰᠤᠳᠤᠯᠤᠨ ᠪᠠᠢᠷᠢᠯᠠᠭᠤᠯᠪᠠ᠃ ᠰᠢᠯᠢ ᠵᠢᠨ ᠭᠣᠣᠯ ᠠᠢᠮᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠎ᠤᠨ ᠭᠢᠨ ᠬᠤᠷᠠᠯ᠎ᠤᠨ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ᠂ ᠡᠯ᠎ᠡ ᠵᠦᠢᠯ᠎ᠤᠨ ᠠᠷᠭ᠎ᠠ ᠬᠡᠮᠵᠢᠶ᠎ᠡ ᠶ᠋ᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠲᠣᠭᠲᠠᠭᠰᠠᠨ ᠬᠠᠷᠠᠯᠲᠠ᠎ᠪᠠᠨ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ᠃

ᠬᠤᠷᠠᠯ᠎ᠠᠴᠠ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠡᠭᠢᠯᠡᠯᠲᠡ ᠵᠢᠨ ᠵᠢᠯ ᠪᠣᠯᠣᠨ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠢ ᠰᠠᠢᠲᠤᠷ ᠬᠢᠬᠦ᠎ᠳᠤ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠂ ᠰᠢᠯᠢ ᠵᠢᠨ ᠭᠣᠣᠯ ᠠᠢᠮᠠᠭ᠎ᠤᠨ ᠡᠯ᠎ᠡ ᠭᠠᠵᠠᠷ᠎ᠤᠨ ᠭᠢᠨ ᠳᠡᠭᠡᠳᠦ ᠱᠠᠲᠤᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠭᠦ ᠬᠡᠷᠡᠭᠲᠡᠢ᠃ ᠨᠢᠭᠡ᠎ᠳᠦ ᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ ᠪᠣᠯᠣᠨ ᠪᠦᠭᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠦᠷᠦ ᠵᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠵᠢᠨ ᠣᠢᠯᠠᠭᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠦᠢᠯᠡᠰ᠎ᠤᠨ ᠬᠥᠭᠵᠢᠯᠲᠡ᠎ᠳᠤ ᠵᠥᠪ ᠤᠯᠤᠰ ᠲᠦᠷᠦ ᠵᠢᠨ ᠴᠢᠭᠯᠡᠯ᠎ᠢ ᠬᠠᠩᠭᠠᠬᠤ ᠬᠡᠷᠡᠭᠲᠡᠢ᠃ ᠬᠣᠶᠠᠷ᠎ᠲᠤ᠂ ᠬᠠᠷᠢᠭᠤᠴᠠᠯᠭ᠎ᠠ ᠵᠢᠨ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠬᠤᠨ᠎ᠠ᠃ ᠠᠶᠤᠯᠭᠦᠢ ᠦᠢᠯᠡᠳᠪᠦᠷᠢᠯᠡᠯ᠎ᠤᠨ ᠲᠠᠯ᠎ᠠ᠎ᠪᠠᠷ᠄ ᠠᠶᠤᠯᠭᠦᠢ ᠦᠢᠯᠡᠳᠪᠦᠷᠢᠯᠡᠯ᠎ᠤᠨ ᠦᠨᠳᠦᠰᠦᠨ᠎ᠠᠴᠠ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠶ᠋ᠢ ᠭᠦᠨᠵᠡᠭᠡᠢᠷᠡᠭᠦᠯᠵᠦ᠂ ᠠᠶᠤᠯᠭᠦᠢ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠶ᠋ᠢ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ᠎ᠤᠨ ᠬᠣᠯᠪᠤᠭᠠᠯᠠᠨ ᠬᠥᠳᠡᠯᠦᠯᠴᠡᠬᠦ ᠶ᠋ᠢ ᠴᠢᠩᠭᠠᠳᠬᠠᠵᠤ᠂ ᠡᠯ᠎ᠡ ᠭᠠᠵᠠᠷ᠎ᠤᠨ ᠭᠢᠨ᠎ᠢ ᠱᠠᠯᠠᠪᠳᠠᠭᠤᠯᠤᠨ 2026 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠬᠢᠬᠦ ᠬᠡᠷᠡᠭᠲᠡᠢ᠃ ᠰᠢᠭᠤᠳ ᠬᠠᠮᠢᠶᠠᠷᠬᠤ ᠠᠵᠢᠯ ᠲᠥᠷᠥᠯ᠎ᠤᠨ ᠲᠠᠯ᠎ᠠ᠎ᠪᠠᠷ᠄ ᠠᠭᠤᠷᠬᠠᠢ᠂ ᠠᠶᠤᠯᠲᠠᠢ ᠬᠢᠮᠢ ᠵᠢᠨ ᠪᠣᠳᠠᠰ᠂ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠬᠦᠷᠢᠶᠡᠨ᠎ᠳᠠᠬᠢ ᠠᠶᠤᠯᠭᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭᠠᠷᠠᠭᠤᠯᠵᠤ᠂ ᠬᠡᠪᠰᠢᠭᠰᠡᠨ ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ᠂ ᠡᠯ᠎ᠡ ᠠᠵᠢᠯ ᠲᠥᠷᠥᠯ᠎ᠤᠨ ᠲᠤᠰᠬᠠᠢ ᠴᠡᠭᠴᠡᠯᠡᠨ ᠵᠠᠰᠠᠬᠤ ᠠᠵᠢᠯ᠎ᠢ ᠬᠦᠴᠦᠯᠡᠨ ᠥᠷᠨᠢᠭᠦᠯᠵᠦ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠲᠦᠭᠰᠢᠭᠦᠷᠢ ᠵᠢᠨ ᠳᠠᠯᠳᠠ ᠭᠡᠮ᠎ᠢ ᠴᠤᠬᠤᠶ᠋ᠢᠵᠤ ᠪᠠᠢᠭ᠎ᠠ ᠪᠠᠢᠳᠠᠯ ᠳ᠋ᠤᠨᠢ ᠦᠨᠡᠨ ᠬᠦ᠌ ᠠᠷᠢᠯᠭᠠᠪᠠ᠃ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠲᠠᠯ᠎ᠠ᠎ᠪᠠᠷ᠄ ᠪᠠᠴᠢᠮ ᠪᠠᠢᠳᠠᠯ᠎ᠢ ᠠᠷᠭᠠᠴᠠᠭᠠᠬᠤ ᠵᠢᠯᠤᠭᠣᠳᠬᠤ ᠲᠣᠭᠲᠠᠴᠠ ᠶ᠋ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶ᠎ᠠ ᠪᠦᠬᠦᠢ ᠪᠡᠯᠡᠳᠬᠡᠯ ᠲᠥᠰᠥᠯ᠎ᠳᠤ ᠵᠠᠰᠠᠪᠤᠷᠢ ᠣᠷᠣᠭᠤᠯᠤᠨ ᠰᠢᠨᠡᠳᠬᠡᠬᠦ ᠶ᠋ᠢ ᠴᠢᠩᠭᠠᠳᠬᠠᠬᠤ ᠵᠢᠨ ᠬᠠᠮᠲᠤ ᠡᠯ᠎ᠡ ᠲᠥᠷᠥᠯ᠎ᠤᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠪᠠ ᠲᠤᠰᠬᠠᠢ ᠮᠡᠷᠭᠡᠵᠢᠯ᠎ᠤᠨ ᠪᠣᠯᠪᠠᠰᠤᠷᠠᠭᠤᠯᠤᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠭᠠᠮᠰᠢᠭ᠋᠎ᠢ ᠰᠡᠷᠭᠡᠢᠯᠡᠨ ᠵᠠᠰᠠᠬᠤ ᠴᠢᠳᠠᠪᠤᠷᠢ ᠶ᠋ᠢ ᠳᠡᠭᠡᠭᠰᠢᠯᠡᠭᠦᠯᠦᠨ᠂ ᠵᠠᠰᠠᠯᠲᠠ ᠵᠢᠨ ᠵᠠᠭᠪᠤᠷ᠎ᠢ ᠬᠡᠷᠡᠭ᠎ᠤᠨ ᠡᠮᠦᠨ᠎ᠡ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢᠯᠡᠬᠦ ᠳᠠᠰᠢ ᠬᠤᠪᠢᠷᠠᠭᠤᠯᠬᠤ ᠶ᠋ᠢ ᠲᠦᠷᠭᠡᠳᠬᠡᠨ ᠠᠬᠢᠭᠤᠯᠤᠨ᠎ᠠ᠃ ᠭᠤᠷᠪᠠ᠎ᠳᠤ᠂ ᠪᠠᠶᠠᠷ᠎ᠤᠨ ᠡᠳᠦᠷ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠰᠠᠢᠲᠤᠷ ᠬᠢᠬᠦ ᠬᠡᠷᠡᠭᠲᠡᠢ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ᠂ ᠰᠢᠯᠢ ᠵᠢᠨ ᠭᠣᠣᠯ ᠠᠢᠮᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠨᠠᠵᠠᠭᠠᠢᠷᠠᠨ ᠬᠣᠢᠷᠭᠤᠰᠢᠵᠤ ᠪᠤᠯᠬᠤ ᠦᠭᠡᠢ᠂ ᠴᠠᠭᠠᠨ ᠰᠠᠷ᠎ᠠ ᠵᠢᠨ ᠡᠮᠦᠨ᠎ᠡ ᠬᠣᠢᠨᠠᠬᠢ ᠠᠶᠤᠯᠭᠦᠢ ᠦᠢᠯᠡᠳᠪᠦᠷᠢᠯᠡᠯ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠵᠡᠷᠭᠡ ᠬᠠᠮᠢᠶ᠎ᠠ ᠪᠦᠬᠦᠢ ᠠᠵᠢᠯ᠎ᠢ ᠰᠠᠢᠲᠤᠷ ᠬᠢᠵᠦ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶ᠎ᠡ ᠶ᠋ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠶ᠋ᠢ ᠴᠢᠩᠭᠠᠳᠬᠠᠵᠤ᠂ ᠤᠯᠠᠨ ᠲᠦᠮᠡᠨ᠎ᠤ ᠠᠮᠤᠷ ᠲᠦᠪᠰᠢᠨ ᠵᠶ᠋ᠠᠷ ᠡᠪᠦᠯᠵᠢᠬᠦ ᠶ᠋ᠢ ᠪᠠᠲᠤᠯᠠᠬᠤ ᠬᠡᠷᠡᠭᠲᠡᠢ᠃

ᠰᠢᠯᠢ ᠵᠢᠨ ᠭᠣᠣᠯ ᠠᠢᠮᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠬᠤᠷᠠᠯ᠎ᠳᠤ ᠣᠷᠣᠯᠴᠠᠵᠤ᠂ ᠪᠠᠢᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠬᠣᠶᠠᠳᠤᠭᠠᠷ ᠳᠡᠰ᠎ᠤᠨ ᠠᠵᠢᠯ ᠦᠢᠯᠡᠰ᠎ᠤᠨ ᠨᠢᠭᠡᠴᠡ ᠵᠢᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            