ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠣᠯᠠᠨ ᠲᠥᠷᠥᠯ᠎ᠤᠨ ᠵᠣᠭᠣᠰ ᠨᠡᠮᠡᠭᠳᠡᠪᠡ
ᠨᠡᠶ᠋ᠢᠲᠡᠯᠡᠭᠰᠡᠨ ᠴᠠᠭ᠄ 2025-07-21

   ᠡᠨᠡ ᠰᠠᠷ᠎ᠠ᠎ᠳᠤ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠳᠠᠩᠰᠠᠨ᠎ᠳᠤ ᠴᠢᠨᠢ ᠨᠢᠭᠡ ᠪᠦᠯᠦᠭ ᠵᠣᠭᠣᠰ ᠨᠡᠮᠡᠭᠳᠡᠵᠡᠢ

    ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠣᠨ᠎ᠤ ᠬᠦᠦ ᠮᠥᠩᠭᠥ ᠵᠢ ᠳ᠋ᠦᠩᠨᠡᠨ ᠪᠤᠳᠣᠯ᠎ᠠ! ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠪᠡᠯ᠂ ᠠᠵᠢᠯᠲᠠᠨ ᠠᠵᠢᠯᠴᠢᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠲᠠᠩᠰᠠᠨ ᠡᠷᠦᠭᠡ ᠵᠢᠨ ᠬᠠᠳᠠᠭᠠᠯᠠᠮᠵᠢ ᠵᠢᠨ ᠬᠦᠦ ᠮᠥᠩᠭᠥᠨ᠎ᠤ ᠨᠣᠷᠮ᠎ᠠ ᠵᠢ ᠨᠢᠭᠡ ᠵᠢᠯ᠎ᠤᠨ ᠬᠤᠭᠤᠴᠠᠭ᠎ᠠ᠎ᠪᠠᠷ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠵᠢᠨ ᠬᠦᠦ ᠮᠥᠩᠭᠥᠨ᠎ᠤ ᠦᠨᠳᠦᠰᠦᠨ ᠪᠠᠷᠢᠮᠵᠢᠶ᠎ᠠ ᠵᠢᠨ ᠨᠣᠷᠮ᠎ᠠ᠎ᠪᠠᠷ ᠨᠢᠭᠡᠳᠦᠯᠲᠡᠢ ᠬᠡᠷᠡᠭᠵᠢᠭᠦᠯᠦᠨ᠎ᠡ᠃ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠬᠦᠦ ᠮᠥᠩᠭᠥ ᠵᠢ ᠳ᠋ᠦᠩᠨᠡᠨ ᠪᠤᠳᠤᠬᠤ ᠡᠳᠦᠷ᠎ᠨᠢ ᠵᠢᠯ ᠪᠦᠷᠢ ᠵᠢᠨ 6 ᠳ᠋ᠤᠭᠠᠷ ᠰᠠᠷ᠎ᠠ ᠵᠢᠨ 30᠎ᠤ ᠡᠳᠦᠷ᠂ ᠬᠦᠦ ᠮᠥᠩᠭᠥ ᠵᠢ ᠳ᠋ᠦᠩᠨᠡᠨ ᠪᠤᠳᠤᠬᠤ ᠣᠨ᠎ᠨᠢ ᠲᠦᠷᠦᠭᠦᠤ ᠵᠢᠯ᠎ᠤᠨ 7 ᠳ᠋ᠤᠭᠠᠷ ᠰᠠᠷ᠎ᠠ ᠵᠢᠨ 1᠎ᠤ ᠡᠳᠦᠷ᠎ᠠᠴᠠ ᠲᠣᠰ ᠵᠢᠯ᠎ᠤᠨ 6 ᠳ᠋ᠤᠭᠠᠷ ᠰᠠᠷ᠎ᠠ ᠵᠢᠨ 30᠎ᠤ ᠡᠳᠦᠷ ᠭᠦᠷᠲᠡᠯ᠎ᠡ᠃ ᠳ᠋ᠦᠩᠨᠡᠨ ᠪᠤᠳᠤᠬ᠍ᠰᠠᠨ ᠬᠦᠦ ᠮᠥᠩᠭᠥ ᠵᠢ ᠠᠵᠢᠯᠲᠠᠨ ᠠᠵᠢᠯᠴᠢᠨ᠎ᠤ ᠬᠤᠪᠢ ᠬᠥᠮᠥᠨ᠎ᠤ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠲᠠᠩᠰᠠᠨ ᠡᠷᠦᠭᠡ ᠵᠢᠨ ᠡᠬᠡ ᠮᠥᠩᠭᠥᠨ᠎ᠤ ᠳᠠᠩᠰᠠᠨ᠎ᠳᠤ ᠨᠡᠢᠯᠡᠭᠦᠯᠦᠨ ᠣᠷᠣᠭᠤᠯᠤᠭᠠᠳ ᠬᠦᠦ ᠮᠥᠩᠭᠥ ᠵᠢ᠎ᠨᠢ ᠡᠬᠢᠯᠡᠵᠦ ᠪᠣᠳᠣᠨ᠎ᠠ᠃

    ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠷᠡᠭᠯᠡᠭᠴᠢᠳ᠎ᠤᠨ ᠦᠵᠦᠭᠦᠷ᠎ᠤᠨ ᠵᠢᠵᠢᠭ ᠫᠷᠣᠭ᠌ᠷᠠᠮ ᠵᠶ᠋ᠠᠷ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠦᠯᠡᠳᠡᠪᠦᠷᠢ ᠲᠣᠭ᠎ᠠ᠎ᠪᠠᠨ ᠴᠠᠭ ᠲᠤᠬᠠᠢ᠎ᠳᠤ᠎ᠨᠢ ᠪᠠᠢᠴᠠᠭᠠᠨ ᠦᠵᠡᠵᠦ ᠪᠣᠯᠣᠨ᠎ᠠ

 

    《ᠤᠯᠤᠰ᠎ᠤᠨ ᠨᠡᠮᠡᠭᠦᠷᠢ》 ᠦᠷᠭᠦᠯᠵᠢᠯᠡᠨ᠎ᠡ! 1380 ᠳ᠋ᠦᠩᠰᠢᠭᠤᠷ ᠲᠥᠭᠥᠷᠢᠭ᠂ 7 ᠳ᠋ᠤᠭᠠᠷ ᠰᠠᠷ᠎ᠠ᠂ 10 ᠳ᠋ᠤᠭᠠᠷ ᠰᠠᠷ᠎ᠠ᠎ᠳᠤ ᠲᠣᠰ ᠲᠣᠰ ᠪᠠᠭᠤᠯᠭᠠᠨ᠎ᠠ

   《ᠤᠯᠤᠰ᠎ᠤᠨ ᠨᠡᠮᠡᠭᠦᠷᠢ》᠎ᠨᠢ ᠥᠷᠭᠡᠨ ᠣᠯᠠᠨ ᠬᠡᠷᠡᠭᠯᠡᠭᠴᠢᠳ᠎ᠲᠤ ᠦᠷᠭᠦᠯᠵᠢᠯᠡᠨ ᠠᠰᠢᠭ᠋ ᠬᠦᠷᠲᠡᠭᠡᠵᠦ᠂ ᠲᠥᠪ᠎ᠤᠨ 1380 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠭᠤᠷᠪᠠᠳᠤᠭᠠᠷ᠂ ᠳᠥᠷᠪᠡᠳᠦᠭᠡᠷ ᠤᠯᠠᠷᠢᠯ᠎ᠳᠤ ᠪᠦᠯᠦᠭ ᠬᠤᠪᠢᠶᠠᠨ ᠡᠮᠬᠢ ᠵᠢᠷᠤᠮ᠎ᠲᠠᠢ᠎ᠪᠠᠷ ᠪᠠᠭᠤᠯᠭᠠᠬᠤ ᠪᠣᠯᠣᠨ᠎ᠠ᠃ ᠡᠨᠡ ᠵᠢᠯ ᠲᠥᠪ᠎ᠤᠨ ᠲᠣᠬᠢᠷᠠᠭᠤᠯᠤᠭᠰᠠᠨ ᠭᠡᠳᠦ ᠤᠷᠲᠤ ᠬᠤᠭᠤᠴᠠᠭᠠᠲᠤ ᠤᠯᠤᠰ᠎ᠤᠨ ᠣᠨᠴᠠᠭᠠᠢ ᠵᠢᠭᠡᠯᠡᠯᠭᠡ᠎ᠪᠠᠷ ᠳᠡᠮᠵᠢᠬᠦ ᠬᠡᠷᠡᠭᠯᠡᠭᠡ ᠵᠢᠨ ᠵᠦᠢᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠪᠡᠯᠡ ᠮᠥᠩᠭᠥᠨ᠎ᠤ ᠶᠡᠷᠦᠩᠬᠡᠢ ᠬᠡᠪᠴᠢᠶ᠎ᠡ᠎ᠨᠢ 3000 ᠳ᠋ᠦᠩᠰᠢᠭᠤᠷ ᠲᠥᠭᠥᠷᠢᠭ ᠪᠣᠯᠣᠨ᠎ᠠ᠂ 1 ᠳ᠋ᠦ᠍ᠭᠡᠷ ᠰᠠᠷ᠎ᠠ ᠪᠠ 4 ᠳ᠋ᠦ᠍ᠭᠡᠷ ᠰᠠᠷ᠎ᠠ᠎ᠳᠤ ᠲᠣᠰ ᠲᠣᠰ ᠬᠣᠶᠠᠷ ᠪᠦᠯᠦᠭ ᠬᠤᠪᠢᠶᠠᠨ ᠨᠡᠶ᠋ᠢᠲᠡ 1620 ᠳ᠋ᠦᠩᠰᠢᠭᠤᠷ ᠲᠥᠭᠥᠷᠢᠭ᠎ᠤᠨ ᠲᠥᠪ᠎ᠤᠨ ᠪᠡᠯᠡ ᠮᠥᠩᠭᠥ ᠵᠢ ᠪᠠᠭᠤᠯᠭᠠᠵᠤ᠂ ᠬᠡᠷᠡᠭᠯᠡᠭᠡ ᠵᠢᠨ ᠵᠦᠢᠯ᠎ᠳᠤ ᠭᠠᠷ ᠤᠲᠠᠰᠤ᠂ ᠬᠠᠪᠲᠠᠰᠤᠨ ᠺᠣᠮᠫᠢᠦ᠋ᠲᠧᠷ ᠂ ᠠᠶᠠᠭ᠎ᠠ ᠤᠬᠢᠶᠠᠬᠤ ᠮᠠᠰᠢᠨ ᠵᠡᠷᠭᠡ ᠲᠥᠷᠥᠯ᠎ᠢ ᠨᠡᠮᠡᠭᠳᠡᠭᠦᠯᠵᠡᠢ᠃

    ᠺᠣᠳ᠋ ᠰᠢᠷᠪᠢᠵᠦ 《ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠵᠦ ᠬᠡᠷᠡᠭᠯᠡᠭᠡ ᠵᠢᠨ ᠵᠦᠢᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ》 ᠲᠤᠰᠬᠠᠢ ᠬᠡᠰᠡᠭ᠎ᠲᠤ ᠣᠷᠣᠵᠤ ᠨᠡᠮᠡᠭᠦᠷᠢ ᠵᠢᠨ ᠲᠤᠬᠠᠢ ᠨᠡᠩ ᠣᠯᠠᠨ ᠮᠡᠳᠡᠭᠡ ᠵᠠᠩᠭᠢ ᠵᠢ ᠦᠵᠡᠭᠡᠷᠡᠢ

 

    ᠡᠳᠡᠭᠡᠷ ᠭᠠᠵᠠᠷ᠎ᠤᠨ ᠦᠷᠡᠵᠢᠯ᠎ᠤᠨ ᠨᠡᠮᠡᠯᠭᠡ ᠵᠢ ᠬᠤᠪᠢ ᠬᠥᠮᠥᠨ᠎ᠳᠤ᠎ᠨᠢ ᠰᠢᠭᠤᠳ ᠣᠯᠭᠣᠨ᠎ᠠ

    ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠪᠦᠷᠢᠳᠬᠡᠭᠰᠡᠨ ᠳ᠋ᠠᠢᠲ᠋ᠠ᠎ᠠᠴᠠ ᠦᠵᠡᠪᠡᠯ᠂ 6 ᠳ᠋ᠤᠭᠠᠷ ᠰᠠᠷ᠎ᠠ ᠵᠢᠨ 26᠎ᠤ ᠡᠳᠦᠷ ᠪᠤᠯᠲᠠᠯ᠎ᠠ᠂ ᠪᠦᠭᠦ ᠤᠯᠤᠰ᠎ᠤᠨ 12 ᠮᠤᠵᠢ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠵᠢᠨ ᠪᠢᠩᠲᠤᠸᠠᠨ᠎ᠢ ᠪᠠᠭᠲᠠᠭᠠᠭᠰᠠᠨ ᠡᠳᠡᠭᠡᠷ ᠭᠠᠵᠠᠷ᠎ᠤᠨ ᠪᠤᠶ ᠪᠦᠬᠦᠢ ᠨᠢᠭᠡᠳᠦᠯᠲᠡᠢ ᠲᠥᠯᠥᠪᠯᠡᠬᠦ ᠣᠷᠣᠨ᠎ᠳᠤ ᠬᠤᠪᠢ ᠬᠥᠮᠥᠨ᠎ᠳᠤ᠎ᠨᠢ ᠰᠢᠭᠤᠳ ᠣᠯᠭᠣᠬᠤ ᠪᠣᠯᠣᠨ᠎ᠠ᠃ ᠲᠤᠰ ᠲᠤᠰ ᠱᠠᠨ ᠰᠢ᠂ ᠥᠪᠥᠷ ᠮᠣᠩᠭᠣᠯ᠂ ᠬᠠᠷᠠᠮᠥ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠬᠤᠪᠧᠢ᠂ ᠬᠠᠢᠨᠠᠨ᠂ ᠴᠦᠩᠴᠢᠩ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠵᠢᠨ ᠪᠢᠩᠲᠤᠸᠠᠨ ᠵᠶ᠋ᠠᠷ ᠪᠦᠷᠢᠯᠳᠦᠵᠦ᠂ ᠵᠧᠵᠢᠶᠠᠩ ᠪᠠ ᠶᠦᠨᠨᠠᠨ ᠪᠠᠰᠠ 7 ᠳ᠋ᠤᠭᠠᠷ ᠰᠠᠷ᠎ᠠ᠎ᠳᠤ ᠪᠡᠶᠡᠯᠡᠭᠦᠯᠦᠨ᠎ᠡ᠃

    ᠡᠨᠡ ᠵᠢᠯ᠎ᠤᠨ 2 ᠳ᠋ᠤᠭᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠦᠷᠡᠵᠢᠯ᠎ᠤᠨ ᠨᠡᠮᠡᠯᠭᠡ ᠵᠢ ᠬᠤᠪᠢ ᠬᠥᠮᠥᠨ᠎ᠳᠤ᠎ᠨᠢ ᠰᠢᠭᠤᠳ ᠣᠯᠭᠣᠬᠤ ᠵᠢ ᠪᠡᠶᠡᠯᠡᠭᠦᠯᠦᠭᠰᠡᠨ ᠭᠠᠵᠠᠷ ᠣᠷᠣᠨ᠎ᠳᠤ᠂ ᠳᠠᠭᠠᠳᠬᠠᠯ᠎ᠳᠤ ᠣᠷᠣᠯᠴᠠᠭᠰᠠᠳ᠎ᠤᠨ ᠦᠷᠡᠵᠢᠯ᠎ᠤᠨ ᠨᠡᠮᠡᠯᠭᠡ ᠵᠢ ᠲᠤᠬᠠᠢ ᠵᠢᠨ ᠭᠠᠵᠠᠷ᠎ᠤᠨ ᠡᠮᠴᠢᠯᠡᠭᠡᠨ᠎ᠤ ᠳᠠᠭᠠᠳᠬᠠᠯ᠎ᠤᠨ ᠭᠠᠷᠲᠠᠨ ᠭᠦᠢᠴᠡᠳᠬᠡᠬᠦ ᠪᠠᠢᠭᠤᠯᠤᠮᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠳᠠᠭᠠᠳᠬᠠᠯ᠎ᠳᠤ ᠣᠷᠣᠯᠴᠠᠬ᠍ᠰᠠᠨ ᠠᠵᠢᠯᠲᠠᠨ ᠠᠵᠢᠯᠴᠢᠨ᠎ᠤ ᠬᠤᠪᠢ ᠬᠥᠮᠥᠨ᠎ᠤ ᠪᠠᠩᠬᠢ ᠵᠢᠨ ᠲᠠᠩᠰᠠᠨ ᠡᠷᠦᠭᠡ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ ᠣᠯᠭᠣᠵᠤ ᠪᠣᠯᠣᠨ᠎ᠠ᠃

    ᠠᠬᠢᠭᠠᠳ 5 ᠲᠥᠭᠥᠷᠢᠭ ᠨᠡᠮᠡᠪᠡ! 2025 ᠣᠨ᠎ᠤ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠵᠠᠷᠤᠳᠠᠯ᠎ᠤᠨ ᠬᠥᠮᠥᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ 99 ᠲᠥᠭᠥᠷᠢᠭ᠎ᠲᠤ ᠭᠦᠷᠪᠡ

     2025 ᠣᠨ᠎ᠳᠤ᠂ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠬᠥᠮᠥᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ ᠵᠢ ᠪᠠᠰᠠ 5 ᠲᠥᠭᠥᠷᠢᠭ ᠨᠡᠮᠡᠭᠳᠡᠭᠦᠯᠵᠦ᠂ 99 ᠲᠥᠭᠥᠷᠢᠭ᠎ᠲᠤ ᠬᠦᠷᠦᠭᠦᠯᠪᠡ᠃ ᠰᠢᠨ᠎ᠡ᠎ᠪᠠᠷ ᠨᠡᠮᠡᠭᠳᠡᠭᠰᠡᠨ ᠵᠠᠷᠤᠳᠠᠯ᠎ᠢ 《ᠨᠠᠰᠤᠲᠠᠳ ᠪᠠ ᠨᠢᠯᠬᠠᠰ》 ᠪᠠ ᠴᠢᠰᠤᠨ ᠳᠠᠷᠤᠯᠲᠠ ᠥᠨᠳᠥᠷᠵᠢᠬᠦ᠂ 2 ᠭᠡᠯᠪᠡᠷᠢ ᠵᠢᠨ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ᠎ᠳᠤ ᠲᠥᠪᠯᠡᠷᠡᠭᠦᠯᠵᠦ᠂ 《ᠬᠡᠦᠬᠡᠳ᠎ᠤᠨ ᠰᠠᠯᠠᠭ᠎ᠠ ᠪᠠ ᠣᠶᠤᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠣᠨ》᠂ 《ᠪᠡᠶ᠎ᠡ ᠵᠢᠨ ᠬᠦᠨᠳᠦ ᠵᠢᠨ ᠬᠠᠮᠢᠶᠠᠷᠤᠯᠲᠠ ᠵᠢᠨ ᠣᠨ》 ᠵᠡᠷᠭᠡ ᠭᠣᠣᠯᠳᠠᠯᠭ᠎ᠠ ᠪᠤᠯᠬᠤ ᠠᠵᠢᠯ᠎ᠯᠤᠭ᠎ᠠ ᠤᠶᠠᠯᠳᠤᠭᠤᠯᠤᠨ᠂ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠬᠠᠮᠢᠶ᠎ᠠ ᠪᠦᠬᠦᠢ ᠭᠣᠣᠯᠳᠠᠯᠭ᠎ᠠ ᠪᠤᠯᠬᠤ ᠬᠥᠮᠥᠰ᠎ᠤᠨ ᠡᠷᠡᠭᠦᠯ ᠮᠡᠨᠳᠦ ᠵᠢᠨ ᠦᠢᠯᠡᠴᠢᠯᠡᠭᠡ ᠵᠢ ᠰᠠᠢᠲᠤᠷ ᠬᠢᠨ᠎ᠡ᠃

    ᠡᠳᠡᠭᠡᠷ ᠬᠥᠮᠥᠰ ᠬᠠᠯᠠᠭᠤᠨ᠎ᠤ ᠴᠠᠭ᠎ᠲᠤ ᠠᠵᠢᠯᠯᠠᠭᠰᠠᠨ ᠨᠡᠮᠡᠯᠭᠡ ᠠᠪᠴᠤ ᠪᠣᠯᠣᠨ᠎ᠠ

    ᠲᠥᠪ᠎ᠤᠨ ᠴᠠᠭ ᠠᠭᠤᠷ᠎ᠤᠨ ᠬᠣᠷᠢᠶᠠᠨ᠎ᠤ ᠮᠡᠳᠡᠭᠡ ᠵᠢ ᠦᠨᠳᠦᠰᠦᠯᠡᠪᠡᠯ᠂ ᠪᠦᠭᠦ ᠤᠯᠤᠰ᠎ᠤᠨ ᠣᠯᠠᠨ ᠭᠠᠵᠠᠷ᠎ᠲᠤ ᠥᠨᠳᠥᠷ ᠬᠠᠯᠠᠭᠤᠨ ᠦᠷᠭᠦᠯᠵᠢᠯᠡᠵᠦ ᠪᠠᠢᠨ᠎ᠠ᠃ 《ᠬᠠᠯᠠᠭᠤᠨ᠎ᠠᠴᠠ ᠰᠡᠷᠭᠡᠢᠯᠡᠵᠦ ᠬᠠᠯᠠᠭᠤᠨ᠎ᠢ ᠪᠠᠭᠤᠷᠠᠭᠤᠯᠬᠤ ᠠᠷᠭ᠎ᠠ ᠬᠡᠮᠵᠢᠶ᠎ᠡ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠪᠡᠯ᠂ ᠬᠥᠳᠡᠯᠮᠦᠷᠢᠴᠢᠳ ᠬᠠᠯᠠᠭᠤᠨ᠎ᠤ ᠴᠠᠭ᠎ᠲᠤ ᠠᠵᠢᠯᠯᠠᠪᠠᠯ᠂ ᠬᠠᠤᠯᠢ ᠶᠣᠰᠣᠭᠠᠷ ᠠᠵᠢᠯ᠎ᠤᠨ ᠪᠠᠢᠷᠢ ᠵᠢᠨ ᠨᠡᠮᠡᠯᠭᠡ ᠭᠦᠷᠳᠡᠨ᠎ᠠ᠃ ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠳ᠎ᠢ 35℃᠎ᠠᠴᠠ ᠳᠡᠭᠡᠭᠰᠢᠬᠢ ᠥᠨᠳᠥᠷ ᠬᠠᠯᠠᠭᠤᠨ᠎ᠳᠤ ᠭᠡᠷ᠎ᠤᠨ ᠭᠠᠳᠠᠨ᠎ᠠ ᠠᠵᠢᠯᠯᠠᠭᠤᠯᠬᠤ᠎ᠪᠠᠷ ᠲᠣᠬᠢᠷᠠᠭᠤᠯᠤᠭᠰᠠᠨ ᠪᠥᠭᠡᠳ ᠠᠵᠢᠯᠯᠠᠬᠤ ᠳᠤᠯᠠᠭᠠᠴᠠ ᠵᠢ 33℃᠎ᠠᠴᠠ ᠳᠣᠭᠣᠭ᠍ᠰᠢ ᠪᠤᠯᠭᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠳᠡᠢᠯᠭᠦ ᠦᠭᠡᠢ ᠪᠣᠯ᠂ ᠬᠥᠳᠡᠯᠮᠦᠷᠢᠴᠢᠳ᠎ᠲᠤ ᠬᠠᠯᠠᠭᠤᠨ᠎ᠤ ᠴᠠᠭ᠎ᠲᠤ ᠠᠵᠢᠯᠯᠠᠭᠰᠠᠨ ᠨᠡᠮᠡᠯᠭᠡ ᠣᠯᠭᠣᠬᠤ ᠵᠢᠨ ᠬᠠᠮᠲᠤ ᠴᠠᠯᠢᠩ᠎ᠤᠨ ᠶᠡᠷᠦᠩᠬᠡᠢ ᠲᠣᠭᠠᠨ᠎ᠳᠤ ᠣᠷᠣᠭᠤᠯᠬᠤ ᠬᠡᠷᠡᠭᠲᠡᠢ᠃ ᠣᠳᠣᠬᠠᠨ᠎ᠳᠤ᠂ 31 ᠮᠤᠵᠢ ᠣᠷᠣᠨ᠎ᠤ ᠬᠠᠯᠠᠭᠤᠨ᠎ᠤ ᠴᠠᠭ᠎ᠲᠤ ᠠᠵᠢᠯᠯᠠᠭᠰᠠᠨ᠎ᠤ ᠨᠡᠮᠡᠯᠭᠡ ᠵᠢᠨ ᠪᠠᠷᠢᠮᠵᠢᠶ᠎ᠠ᠎ᠨᠢ 100 ᠲᠥᠭᠥᠷᠢᠭ᠎ᠠᠴᠠ 300 ᠲᠥᠭᠥᠷᠢᠭ᠎ᠤᠨ ᠬᠣᠭᠣᠷᠣᠨᠳᠤ ᠲᠥᠪᠯᠡᠷᠡᠵᠦ ᠪᠠᠢᠨ᠎ᠠ᠃     ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ 2%᠎ᠪᠠᠷ ᠨᠡᠮᠡᠭᠳᠡᠭᠦᠯᠪᠡ

     2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ 2024 ᠣᠨ᠎ᠤ ᠰᠡᠭᠦᠯᠴᠢ᠎ᠠᠴᠠ ᠡᠮᠦᠨ᠎ᠡ ᠲᠣᠭᠲᠠᠭᠠᠯ ᠶᠣᠰᠣᠭᠠᠷ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ ᠬᠢᠭᠰᠡᠨ ᠪᠥᠭᠡᠳ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠪᠠᠨ ᠰᠠᠷ᠎ᠠ᠎ᠪᠠᠷ ᠠᠪᠤᠭᠰᠠᠨ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠶᠡᠷᠦᠩᠬᠡᠢ᠎ᠳᠤ᠎ᠨᠢ ᠲᠣᠬᠢᠷᠠᠭᠤᠯᠤᠯᠲᠠ ᠬᠢᠬᠦ ᠬᠢᠷᠢ ᠲᠦᠪᠰᠢᠨ᠎ᠢ 2024 ᠣᠨ᠎ᠤ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠰᠠᠷ᠎ᠠ ᠵᠢᠨ ᠳᠤᠮᠳᠠᠴᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥᠨ᠎ᠤ 2% ᠵᠶ᠋ᠡᠷ ᠪᠣᠯᠭᠠᠪᠠ᠃

ᠢᠷᠡᠯᠲᠡ᠄         
          
ᠬᠠᠮᠢᠶ᠎ᠡ ᠪᠦᠬᠦᠢ ᠰᠣᠨᠢᠨ
 
            