ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ》᠎ᠢ ᠳᠠᠷᠤᠮᠯᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2025-08-13

    ᠰᠢᠨᠬᠤᠸᠠ ᠬᠣᠷᠢᠶᠠᠨ᠎ᠤ ᠪᠡᠭᠡᠵᠢᠩ᠎ᠦᠨ 8 ᠳ᠋ᠤᠭᠠᠷ ᠰᠠᠷ᠎ᠠ᠎ᠶᠢᠨ 11᠎ᠦ ᠡᠳᠦᠷ᠎ᠦᠨ ᠴᠠᠭᠢᠯᠭᠠᠨ ᠮᠡᠳᠡᠭᠡ  ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠤᠭᠰᠠᠨ᠎ᠤ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ᠎ᠢ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ ᠭᠡᠵᠦ ᠱᠠᠭᠠᠷᠳᠠᠪᠠ᠃ 

    ᠮᠡᠳᠡᠭᠳᠡᠯ᠎ᠳᠦ ᠵᠢᠭᠠᠵᠤ ᠭᠠᠷᠭᠠᠭᠰᠠᠨ᠎ᠢᠶᠠᠷ᠂ 《ᠳᠦᠷᠢᠮ》 ᠨᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠪᠣᠯᠪᠠᠰᠤᠷᠠᠯ᠎ᠤᠨ ᠲᠣᠭᠲᠠᠯᠴᠠᠭ᠎ᠠ ᠪᠠ ᠠᠵᠢᠯ᠎ᠤᠨ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠺᠠᠳ᠋ᠷ ᠪᠠ ᠨᠠᠮ᠎ᠤᠨ ᠭᠡᠰᠢᠭᠦᠨ᠎ᠢ ᠬᠥᠮᠥᠵᠢᠭᠦᠯᠦᠨ ᠪᠤᠯᠪᠠᠰᠤᠷᠠᠭᠤᠯᠬᠤ ᠭᠣᠣᠯ ᠠᠷᠭ᠎ᠠ ᠵᠠᠮ᠂ ᠨᠠᠮ᠎ᠤᠨ ᠦᠵᠡᠯ ᠰᠠᠨᠠᠭ᠎ᠠ ᠤᠨᠤᠯ᠎ᠤᠨ ᠪᠠᠢᠭᠤᠯᠤᠯᠲᠠ᠎ᠶᠢᠨ ᠴᠢᠬᠤᠯᠠ ᠪᠡᠬᠢᠯᠡᠯᠲᠡ᠎ᠶᠢᠨ ᠦᠢᠯᠡᠳᠦᠯ᠎ᠢ ᠪᠠᠳᠠᠷᠠᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠪᠡᠨ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠪᠦᠭᠦ ᠨᠠᠮ᠎ᠢ ᠵᠡᠪᠰᠡᠭᠯᠡᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠭᠦ ᠲᠦᠷᠦ ᠪᠠᠷᠢᠬᠤ ᠭᠣᠣᠯᠯᠠᠭ᠍ᠴᠢ ᠬᠦᠴᠦᠨ᠎ᠦ ᠡᠩᠨᠡᠭᠡ᠎ᠶᠢ ᠬᠥᠮᠥᠵᠢᠭᠦᠯᠦᠨ ᠪᠣᠢᠵᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠡᠢ᠃ 

    ᠮᠡᠳᠡᠭᠳᠡᠯ᠎ᠳᠦ ᠱᠠᠭᠠᠷᠳᠠᠭᠰᠠᠨ᠎ᠢᠶᠡᠷ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠨᠢ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠡᠷᠭᠢᠯᠡᠭᠦ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠬᠠᠮᠢᠶᠠᠷᠬᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢ ᠪᠠᠶ᠋ᠢᠭᠤᠯᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ 《ᠳᠦᠷᠢᠮ》᠎ᠢ ᠰᠤᠷᠤᠯᠴᠠᠨ ᠤᠬᠠᠭᠤᠯᠬᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠠ ᠰᠢᠮᠳᠠᠭᠤᠯᠤᠨ ᠪᠠᠢᠴᠠᠭᠠᠬᠤ᠎ᠶᠢ ᠰᠠᠢᠲᠤᠷ ᠠᠳᠬᠤᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠢ 《ᠳᠦᠷᠢᠮ》᠎ᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠰᠤᠷᠭᠠᠭᠤᠯᠢ ᠨᠢ ᠨᠠᠮ᠎ᠢᠶᠠᠨ ᠳᠠᠭᠠᠬᠤ ᠦᠨᠳᠦᠰᠦᠨ ᠵᠠᠷᠴᠢᠮ᠎ᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠳᠤ ᠨᠡᠩ ᠰᠠᠢᠨ᠎ᠢᠶᠠᠷ ᠴᠢᠳᠠᠪᠤᠷᠢᠲᠠᠨ ᠬᠥᠮᠥᠵᠢᠭᠦᠯᠦᠨ ᠠᠷᠭ᠎ᠠ ᠤᠬᠠᠭᠠᠨ ᠡᠷᠭᠦᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ 《ᠳᠦᠷᠢᠮ》᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠢᠳᠠᠯ ᠪᠠ ᠰᠠᠨᠠᠭᠤᠯᠭ᠎ᠠ᠎ᠪᠠᠨ ᠴᠠᠭ ᠲᠤᠬᠠᠢ᠎ᠳᠤ ᠨᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠢ᠃ 

 

    《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠳᠦᠷᠢᠮ》

ᠢᠷᠡᠯᠲᠡ᠄         
          
ᠬᠠᠮᠢᠶ᠎ᠡ ᠪᠦᠬᠦᠢ ᠰᠣᠨᠢᠨ
 
            