ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ
ᠥᠪᠥᠷ ᠵᠠᠰᠠᠭ ᠲᠠᠷᠬᠠᠭᠠᠭᠰᠠᠨ 〔2025〕 17 ᠳ᠋ᠤᠭᠠᠷ ᠲᠣᠭᠠᠲᠤ
ᠶᠡᠬᠡ ᠬᠢᠩᠭᠠᠨ ᠳᠠᠪᠠᠭᠠᠨ᠎ᠤ ᠣᠢ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ ᠬᠡᠷᠡᠭᠵᠢᠭᠦᠯᠬᠦ᠎ᠪᠠᠷ ᠲᠣᠭᠲᠠᠪᠠ᠂ ᠳᠠᠭᠤᠰᠬᠤ ᠡᠳᠦᠷ ᠬᠤᠭᠤᠴᠠᠭ᠎ᠠ ᠨᠢ《ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠣᠶ ᠰᠢᠭᠤᠢ ᠪᠠ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠯ》 (ᠥᠪᠥᠷ ᠵᠠᠰᠠᠭ ᠲᠠᠷᠬᠠᠭᠠᠭᠰᠠᠨ 〔2024〕 33 ᠳ᠋ᠤᠭᠠᠷ ᠲᠣᠭᠠᠲᠤ)᠎ᠳᠠᠬᠢ ᠳᠠᠭᠤᠰᠬᠤ ᠡᠳᠦᠷ ᠯᠦ᠍ᠭᠡ ᠠᠳᠠᠯᠢ ᠪᠣᠯᠣᠨ᠎ᠠ᠃
ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠣᠷᠣᠨ ᠨᠤᠲᠤᠭ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠯᠤᠭ᠎ᠠ ᠬᠠᠮᠵᠢᠯᠴᠠᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠤᠢ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ᠎ᠢᠶᠡᠨ ᠴᠢᠩᠭᠠᠷᠠᠭᠤᠯᠵᠤ᠂ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠨᠡᠢᠭᠡᠮ᠎ᠦᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠬᠥᠯᠥᠨ ᠪᠣᠢᠷ ᠬᠣᠲᠠ᠂ ᠬᠢᠩᠭᠠᠨ ᠠᠢᠮᠠᠭ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠬᠠᠮᠠᠭᠠᠯᠠᠬᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠲᠤᠬᠠᠢ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠣᠶ ᠰᠢᠭᠤᠢ ᠨᠤᠲᠤᠭ ᠪᠡᠯᠴᠢᠭᠡᠷ ᠵᠡᠷᠭᠡ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠠᠵᠢᠯ᠎ᠤᠨ ᠵᠣᠯᠭᠠᠭᠤᠯᠤᠯᠲᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠬᠦ ᠠᠵᠢᠯ᠎ᠢ ᠬᠠᠮᠵᠢᠯᠴᠠᠨ ᠰᠠᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠡᠮᠬᠢ ᠵᠢᠷᠤᠮ᠎ᠲᠠᠢ ᠥᠷᠨᠢᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠥᠪᠥᠷ ᠮᠣᠩᠭᠣᠯ᠎ᠤᠨ ᠣᠶ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠡᠬᠡ ᠬᠢᠩᠭᠠᠨ ᠳᠠᠪᠠᠭᠠᠨ᠎ᠤ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠬᠠᠮᠢᠶᠠᠷᠤᠨ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠤᠨ᠂ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠡᠪᠳᠡᠬᠦ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠰᠡᠷᠭᠡᠢᠯᠡᠬᠦ ᠪᠠ ᠵᠣᠭᠰᠣᠭᠠᠵᠤ᠂ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠯᠤᠭ᠎ᠠ ᠬᠠᠮᠵᠢᠯᠴᠠᠨ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠬᠦ ᠠᠵᠢᠯ᠎ᠢ ᠰᠠᠢᠲᠤᠷ ᠬᠢᠬᠦ ᠬᠡᠷᠡᠭᠲᠡᠢ᠃
ᠳᠠᠭᠠᠯᠳᠤᠭᠤᠯᠤᠯ᠄ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢ ᠭᠦᠢᠴᠡᠳᠬᠡᠬᠦ ᠵᠦᠢᠯᠡᠰ᠎ᠦᠨ ᠲᠣᠳᠣᠷᠬᠠᠢ ᠬᠠᠭᠤᠳᠠᠰᠤ
2025 ᠣᠨ᠎ᠤ 8 ᠳ᠋ᠤᠭᠠᠷ ᠰᠠᠷ᠎ᠠ᠎ᠶᠢᠨ 22᠎ᠤᠨ ᠡᠳᠦᠷ
(ᠲᠣᠰ ᠪᠢᠴᠢᠭ ᠢ ᠢᠯᠡ ᠨᠡᠢᠲᠡᠯᠡᠨ᠎ᠡ)
https://mgl.nmg.gov.cn//113/1132/2025/12/8/00a25f7a916ef653a15f4039dbb548d9.html