ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠧᠷᠢᠶᠠᠯ ᠥᠪᠥᠷ ᠵᠠᠰᠠᠭ ᠠᠯᠪᠠᠨ ᠲᠠᠷᠬᠠᠭᠠᠭᠰᠠᠨ [2025] 15 ᠳ᠋ᠤᠭᠠᠷ ᠲᠣᠭᠠᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ ᠵᠢᠨ ᠪᠤᠰᠤ ᠴᠢᠨᠠᠷᠲᠠᠢ ᠲᠥᠷᠥᠯ ᠵᠦᠢᠯ᠎ᠤᠨ ᠣᠷᠣᠯᠠᠨ ᠪᠠᠶ᠋ᠢᠭᠤᠯᠬᠤ ᠳᠦᠷᠢᠮ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠤᠨ ᠨᠢᠭᠡᠴᠢ᠎ᠳᠤ ᠄ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ ᠵᠢᠨ ᠪᠤᠰᠤ ᠴᠢᠨᠠᠷᠲᠠᠢ ᠲᠥᠷᠥᠯ ᠵᠦᠢᠯ᠎ᠤᠨ ᠣᠷᠣᠯᠠᠨ ᠪᠠᠶ᠋ᠢᠭᠤᠯᠬᠤ ᠳᠦᠷᠢᠮ᠎ᠤᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃
2025 ᠣᠨ᠎ᠤ 4 ᠳ᠋ᠦ᠍ᠭᠡᠷ ᠰᠠᠷ᠎ᠠ ᠵᠢᠨ 23᠎ᠤ ᠡᠳᠦᠷ
( ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ )
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ ᠵᠢᠨ ᠪᠤᠰᠤ ᠴᠢᠨᠠᠷᠲᠠᠢ ᠲᠥᠷᠥᠯ ᠵᠦᠢᠯ᠎ᠤᠨ ᠣᠷᠣᠯᠠᠨ ᠪᠠᠢᠭᠤᠯᠬᠤ ᠳᠦᠷᠢᠮ᠎ᠤᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠪᠡᠯᠡ ᠣᠷᠣᠭᠤᠯᠤᠯᠲᠠ ᠵᠢᠨ ᠪᠠᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢᠯ᠎ᠤᠨ ᠬᠠᠮᠢᠶᠠᠷᠤᠯᠲᠠ ᠵᠢ ᠴᠢᠩᠭᠠᠳᠬᠠᠨ ᠵᠢᠷᠤᠮᠵᠢᠭᠤᠯᠵᠤ᠂ ᠪᠡᠯᠡ ᠣᠷᠣᠭᠤᠯᠤᠯᠲᠠ ᠵᠢᠨ ᠡᠵᠡᠮᠰᠢᠯ᠎ᠤᠨ ᠲᠣᠭᠲᠠᠴᠠ ᠵᠢ ᠪᠠᠢᠭᠤᠯᠤᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢᠯ᠎ᠢ ᠣᠷᠣᠯᠠᠨ ᠪᠠᠶ᠋ᠢᠭᠤᠯᠬᠤ ᠠᠵᠢᠯᠯᠠᠭ᠎ᠠ ᠵᠢ ᠵᠢᠷᠤᠮᠵᠢᠭᠤᠯᠵᠤ᠂ ᠲᠥᠷᠥᠯ ᠵᠦᠢᠯ᠎ᠤᠨ ᠬᠠᠮᠢᠶᠠᠷᠤᠯᠲᠠ ᠵᠢᠨ ᠬᠢᠷᠢ ᠲᠦᠪᠰᠢᠨ ᠪᠠ ᠪᠡᠯᠡ ᠣᠷᠣᠭᠤᠯᠤᠯᠲᠠ ᠵᠢᠨ ᠦᠷ᠎ᠡ ᠠᠰᠢᠭ᠋᠎ᠢ ᠳᠡᠭᠡᠭᠰᠢᠯᠡᠭᠦᠯᠬᠦ ᠵᠢᠨ ᠲᠤᠰᠠᠳᠠ᠂ 《 ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠦᠷᠢᠮ》 ( ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠋ 712 ᠳ᠋ᠤᠭᠠᠷ ᠲᠣᠭᠠᠲᠤ)᠂ 《 ᠪᠠᠢᠭᠤᠯᠤᠯ ᠲᠣᠭᠲᠠᠴᠠ᠎ᠳᠤ ᠰᠢᠨ᠎ᠡ ᠵᠢ ᠡᠭᠦᠳᠦᠨ ᠲᠡᠭᠦᠯᠳᠡᠷᠵᠢᠭᠦᠯᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ᠎ᠤᠨ ᠵᠢᠷᠤᠮᠵᠢᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 ( ᠲᠥᠷᠥ ᠠᠯᠪᠠᠨ ᠲᠠᠷᠬᠠᠭᠠᠭᠰᠠᠨ [ 2024] 21 ᠳ᠋ᠦ᠍ᠭᠡᠷ ᠲᠣᠭᠠᠲᠤ )᠂ 《 ᠪᠦᠲᠦᠭᠡᠨ ᠪᠠᠢᠭᠤᠯᠤᠯᠲᠠ ᠵᠢᠨ ᠪᠠᠷᠢᠯᠭ᠎ᠠ ᠵᠢᠨ ᠦᠨ᠎ᠡ ᠮᠥᠩᠭᠥ ᠵᠢ ᠳ᠋ᠦᠩᠨᠡᠨ ᠪᠤᠳᠤᠬᠤ ᠬᠣᠯᠪᠣᠭᠳᠠᠯ ᠪᠦᠬᠦᠢ ᠠᠷᠭ᠎ᠠ ᠵᠢ ᠲᠡᠭᠦᠯᠳᠡᠷᠵᠢᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢᠭᠤᠯᠤᠯᠲᠠ ᠵᠢᠨ ᠶᠠᠮᠤᠨ᠎ᠤ ᠮᠡᠳᠡᠭᠳᠡᠯ 》 ( ᠡᠳ᠋ ᠪᠠᠢᠭᠤᠯᠤᠯᠲᠠ [2022]183 ᠳ᠋ᠤᠭᠠᠷ ᠲᠣᠭᠠᠲᠤ)᠂ 《 ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠪᠠᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠵᠡᠷᠭᠡ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠂ ᠪᠢᠴᠢᠭ ᠮᠠᠲᠧᠷᠢᠶᠠᠯ ᠤ᠋ᠨ ᠵᠣᠷᠢᠭ᠋ ᠰᠠᠨᠠᠭ᠎ᠠ ᠵᠢ ᠦᠨᠳᠦᠰᠦᠯᠡᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠨᠢᠭ᠍ᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭᠠᠪᠠ᠃
ᠬᠣᠶᠠᠳᠤᠭᠠᠷ ᠵᠦᠢᠯ ᠲᠤᠰ ᠠᠷᠭ᠎ᠠ᠎ᠳᠤ ᠬᠡᠯᠡᠵᠦ ᠪᠠᠢᠭ᠎ᠠ ᠣᠷᠣᠯᠠᠨ ᠪᠠᠶ᠋ᠢᠭᠤᠯᠬᠤ ᠳᠦᠷᠢᠮ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠭᠤᠯᠤᠭᠰᠠᠨ ᠣᠷᠣᠯᠠᠨ ᠪᠠᠶ᠋ᠢᠭᠤᠯᠬᠤ ᠲᠥᠷᠥᠯ ᠵᠦᠢᠯ᠎ᠤᠨ ᠬᠠᠮᠢᠶᠠᠷᠤᠯᠲᠠ ᠵᠢᠨ ᠪᠠᠢᠭᠤᠯᠤᠮᠵᠢ ( ᠳᠣᠷᠣᠭ᠍ᠰᠢ ᠣᠷᠣᠯᠠᠨ ᠪᠠᠶ᠋ᠢᠭᠤᠯᠬᠤ ᠪᠠᠢᠭᠤᠯᠤᠮᠵᠢ ᠭᠡᠵᠦ ᠲᠣᠪᠴᠢᠯᠠᠨ᠎ᠠ )᠎ᠠᠴᠠ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ ᠵᠢᠨ ᠪᠤᠰᠤ ᠴᠢᠨᠠᠷᠲᠠᠢ ᠲᠥᠷᠥᠯ ᠵᠦᠢᠯ᠎ᠳᠤ ᠲᠥᠪᠯᠡᠷᠡᠩᠭᠦᠢ ᠪᠦᠲᠦᠭᠡᠨ ᠪᠠᠢᠭᠤᠯᠤᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠪᠠᠷᠢᠯᠭ᠎ᠠ ᠪᠤᠶᠤ ᠡᠭᠦᠨ ᠯᠦᠭᠡ ᠬᠣᠯᠪᠣᠭᠳᠠᠬᠤ ᠪᠠᠷᠠᠭ᠎ᠠ᠂ ᠦᠢᠯᠡᠴᠢᠯᠡᠭᠡ ᠵᠡᠷᠭᠡ ᠵᠢᠨ ᠬᠤᠳᠠᠯᠳᠤᠨ ᠠᠪᠬᠤ ᠠᠵᠢᠯ᠎ᠢ ᠵᠣᠬᠢᠶᠠᠨ ᠪᠠᠢᠭᠤᠯᠵᠤ᠂ ᠲᠥᠷᠥᠯ ᠵᠦᠢᠯ᠎ᠤᠨ ᠪᠡᠯᠡ ᠣᠷᠣᠭᠤᠯᠤᠯᠲᠠ᠂ ᠶᠠᠰᠤ ᠴᠢᠨᠠᠷ᠂ ᠠᠮᠤᠷ ᠲᠦᠪᠰᠢᠨ ᠪᠠ ᠪᠠᠷᠢᠯᠭ᠎ᠠ ᠵᠢᠨ ᠬᠤᠭᠤᠴᠠᠭ᠎ᠠ ᠵᠢ ᠴᠢᠩᠭ᠎ᠠ ᠡᠵᠡᠮᠰᠢᠵᠦ᠂ ᠲᠥᠷᠥᠯ ᠵᠦᠢᠯ᠎ᠤᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠬᠡᠷᠡᠭᠯᠡᠬᠦ ᠨᠢᠭᠡᠴᠢ᠎ᠳᠤ ᠰᠢᠯᠵᠢᠭᠦᠯᠦᠨ ᠲᠤᠰᠢᠶᠠᠬᠤ ᠳᠦᠷᠢᠮ᠎ᠢ ᠵᠢᠭᠠᠵᠤ ᠪᠣᠢ᠃
ᠭᠤᠷᠪᠠᠳᠤᠭᠠᠷ ᠵᠦᠢᠯ ᠳᠣᠣᠷ᠎ᠠ ᠵᠢᠭ᠍ᠰᠠᠭᠠᠭᠰᠠᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ ᠵᠢᠨ ᠪᠤᠰᠤ ᠴᠢᠨᠠᠷᠲᠠᠢ ᠲᠥᠷᠥᠯ ᠵᠦᠢᠯ᠎ᠤᠨ ᠳᠣᠲᠣᠷ᠎ᠠ᠂ ᠶᠡᠷᠦᠩᠬᠡᠢ ᠪᠡᠯᠡ ᠣᠷᠣᠭᠤᠯᠤᠯᠲᠠ᠎ᠨᠢ 5000 ᠲᠦᠮᠡᠨ ᠲᠥᠭᠥᠷᠢᠭ (ᠭᠠᠵᠠᠷ ᠲᠠᠲᠠᠪᠤᠷᠢᠯᠠᠬᠤ᠂ ᠭᠡᠷ ᠪᠠᠢᠰᠢᠩ ᠲᠠᠲᠠᠪᠤᠷᠢᠯᠠᠬᠤ ᠨᠥᠬᠥᠪᠦᠷᠢ ᠵᠢᠨ ᠵᠠᠷᠤᠳᠠᠯ ᠪᠠᠭᠲᠠᠬᠤ ᠦᠭᠡᠢ)᠎ᠠᠴᠠ ᠳᠡᠭᠡᠭᠰᠢ ᠪᠠᠢᠬᠤ ᠮᠥᠷᠲᠡᠭᠡᠨ ᠶᠡᠷᠦᠩᠬᠡᠢ ᠪᠡᠯᠡ ᠣᠷᠣᠭᠤᠯᠤᠯᠲᠠ᠎ᠳᠠᠬᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ 50%᠎ᠠᠴᠠ ᠳᠡᠭᠡᠭᠰᠢᠬᠢ ᠵᠢ ᠡᠵᠡᠯᠡᠭᠰᠡᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ᠎ᠳᠤ ᠵᠠᠷᠴᠢᠮ ᠳᠡᠭᠡᠷ᠎ᠡ᠎ᠪᠠᠨ ᠣᠷᠣᠯᠠᠨ ᠪᠠᠶ᠋ᠢᠭᠤᠯᠬᠤ ᠳᠦᠷᠢᠮ᠎ᠢ ᠬᠡᠷᠡᠭᠵᠢᠭᠦᠯᠦᠨ᠎ᠡ᠃ ᠤᠯᠤᠰ᠎ᠤᠨ ᠠᠮᠤᠷ ᠲᠦᠪᠰᠢᠨ᠂ ᠨᠢᠭᠤᠴᠠ ᠵᠢ ᠬᠠᠮᠠᠭᠠᠯᠠᠬᠤ᠂ ᠠᠶᠤᠯ ᠭᠠᠮᠰᠢᠭ᠋᠎ᠠᠴᠠ ᠠᠪᠤᠷᠠᠬᠤ᠎ᠳᠤ ᠬᠣᠯᠪᠣᠭᠳᠠᠬᠤ ᠵᠦᠢᠯ ᠡᠭᠦᠨ᠎ᠳᠤ ᠪᠠᠭᠲᠠᠬᠤ ᠦᠭᠡᠢ᠃
ᠨᠠᠷᠢᠨ ᠠᠭᠤᠯᠭ᠎ᠠ᠎ᠶᠢ ᠳᠣᠣᠷᠠᠬᠢ ᠰᠦᠯᠵᠢᠶ᠎ᠡ᠎ᠡᠴᠡ ᠦᠵᠡᠭᠡᠷᠡᠢ
https://mgl.nmg.gov.cn//113/1133/2025/7/14/429c0b3edcca42b22ea3832aede18ec2.html