ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠧᠷᠢᠶᠠᠯ
ᠥᠪᠥᠷ ᠵᠠᠰᠠᠭ ᠦᠰᠦᠭ 〔2025〕 86 ᠳ᠋ᠤᠭᠠᠷ ᠲᠣᠭᠠᠲᠤ
2025 ᠣᠨ᠎ᠤ ᠪᠦᠭᠦ ᠣᠷᠣᠨ᠎ᠤ ᠨᠡᠢᠭᠡᠮ᠎ᠦᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠣᠯᠪᠣᠭᠳᠠᠯ ᠪᠦᠬᠦᠢ
ᠤᠴᠢᠷ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠤᠨ ᠨᠢᠭᠡᠴᠢ᠎ᠳᠤ ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠤᠳᠠᠭᠠᠨ᠎ᠤ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠨᠢᠭ᠍ᠲᠠ ᠤᠶᠠᠯᠳᠤᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠰᠠᠢᠲᠤᠷ ᠪᠠᠲᠤᠯᠠᠬᠤ᠎ᠶᠢᠨ ᠲᠤᠰᠠᠳᠠ᠂ ᠡᠳᠦᠭᠡ 2025 ᠣᠨ᠎ᠤ ᠪᠦᠭᠦ ᠣᠷᠣᠨ᠎ᠤ ᠨᠡᠢᠭᠡᠮ᠎ᠦᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠬᠦ ᠬᠡᠷᠡᠭᠲᠡᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭᠠᠭᠰᠠᠨ 2025 ᠣᠨ᠎ᠤ ᠨᠡᠢᠭᠡᠮ᠎ᠦᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠶᠢ 2025 ᠣᠨ᠎ᠤ 6 ᠳ᠋ᠤᠭᠠᠷ ᠰᠠᠷ᠎ᠠ᠎ᠠᠴᠠ ᠡᠬᠢᠯᠡᠨ ᠬᠡᠷᠡᠭᠵᠢᠭᠦᠯᠵᠦ ( ᠡᠯ᠎ᠡ ᠠᠢᠮᠠᠭ ᠬᠣᠲᠠ᠎ᠶᠢᠨ ᠬᠡᠷᠡᠭᠵᠢᠭᠦᠯᠬᠦ ᠪᠠᠷᠢᠮᠵᠢᠶ᠎ᠠ᠎ᠶᠢ ᠳᠠᠭᠠᠯᠳᠤᠭᠤᠯᠤᠯ᠎ᠳᠤ ᠨᠠᠷᠢᠨ ᠦᠵᠡᠭᠡᠷᠡᠢ)᠂ ᠡᠯ᠎ᠡ ᠭᠠᠵᠠᠷ ᠣᠷᠣᠨ᠎ᠤ ᠭᠢᠨ ᠴᠠᠭ ᠲᠤᠬᠠᠢ᠎ᠳᠤ ᠨᠢ ᠨᠡᠢᠭᠡᠮ ᠨᠡᠢᠲᠡ᠎ᠳᠦ ᠨᠡᠢᠲᠡᠯᠡᠬᠦ᠎ᠶᠢᠨ ᠬᠠᠮᠲᠤ᠂ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠢᠯᠤᠮᠵᠢ᠎ᠪᠠᠨ ᠰᠠᠢᠲᠤᠷ ᠬᠢᠬᠦ ᠬᠡᠷᠡᠭᠲᠡᠢ᠃ ᠲᠣᠰ ᠣᠨ᠎ᠳᠦ᠂ ᠨᠡᠢᠭᠡᠮ᠎ᠦᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠶᠢ ᠳᠠᠬᠢᠨᠲᠠ ᠲᠣᠬᠢᠷᠠᠭᠤᠯᠬᠤ ᠴᠢᠬᠤᠯᠠᠲᠠᠢ ᠪᠠᠢᠪᠠᠯ ᠡᠷᠬᠡᠪᠰᠢ ᠬᠣᠯᠪᠣᠭᠳᠠᠯ ᠪᠦᠬᠦᠢ ᠲᠡᠰ ᠳᠠᠷᠠᠭᠠᠯᠠᠯ᠎ᠤᠨ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠰᠡᠨ᠎ᠦ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠨᠢ ᠪᠠᠲᠤᠯᠠᠭ᠎ᠠ᠎ᠶᠢᠨ ᠪᠠᠷᠢᠮᠵᠢᠶ᠎ᠠ᠎ᠪᠠᠨ ᠳᠡᠭᠡᠭᠰᠢᠯᠡᠭᠦᠯᠦᠭᠰᠡᠨᠦ ᠳᠠᠷᠠᠭᠠᠬᠢ ᠰᠢᠨ᠎ᠡ᠎ᠪᠡᠷ ᠭᠤᠶᠤᠴᠢᠯᠠᠭᠰᠠᠨ ᠬᠣᠲᠠ ᠬᠥᠳᠡᠭᠡ᠎ᠶᠢᠨ ᠨᠠᠭᠠᠲᠤ ᠵᠠᠬ᠎ᠠ᠎ᠶᠢᠨ ᠪᠠᠲᠤᠯᠠᠭ᠎ᠠ ᠭᠦᠷᠲᠡᠭᠦ ᠬᠢᠭᠡᠳ ᠣᠨᠴᠠ ᠬᠦᠴᠢᠷᠳᠡᠯᠲᠡᠢ ᠬᠥᠮᠥᠰ᠎ᠦᠨ ᠭᠡᠷ ᠪᠦᠯᠢ᠎ᠶᠢᠨ ᠭᠢᠨ᠎ᠦ ᠣᠷᠣᠯᠭ᠎ᠠ᠎ᠶᠢ ᠲᠥᠰᠥᠭᠡᠯᠡᠨ ᠪᠤᠳᠣᠬᠣ᠌ ᠪᠠ ᠤᠤᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠭᠦᠷᠲᠡᠭᠦ᠂ ᠣᠨᠴᠠ ᠬᠦᠴᠢᠷᠳᠡᠯᠲᠡᠢ ᠬᠥᠮᠥᠰ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠨᠢ ᠳᠡᠭᠡᠭᠰᠢᠯᠡᠭᠦᠯᠭᠦ ᠵᠡᠷᠭᠡ ᠠᠵᠢᠯ᠎ᠢ ᠰᠠᠢᠲᠤᠷ ᠬᠢᠵᠦ᠂ ᠪᠠᠲᠤᠯᠠᠪᠠᠰᠤ ᠵᠣᠬᠢᠬᠤ᠎ᠶᠢ ᠨᠢ ᠴᠢᠳᠠᠬᠤ᠎ᠶᠢᠨ ᠳᠣᠲᠣᠷ᠎ᠠ ᠪᠠᠲᠤᠯᠠᠬᠤ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠨᠥᠬᠥᠴᠡᠯ ᠲᠠᠢ ᠭᠠᠵᠠᠷ ᠣᠷᠣᠨ ᠨᠢ ᠨᠡᠢᠭᠡᠮ᠎ᠦᠨ ᠲᠡᠩᠬᠡᠷᠡᠭᠦᠯᠦᠨ ᠲᠤᠰᠠᠯᠠᠬᠤ᠎ᠶᠢᠨ ᠬᠣᠲᠠ ᠬᠥᠳᠡᠭᠡ᠎ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠬᠤᠳᠠ ᠬᠥᠳᠡᠭᠡ᠎ᠶᠢᠨ ᠵᠥᠷᠢᠶ᠎ᠡ᠎ᠶᠢ ᠵᠦᠢ ᠵᠣᠬᠢᠰᠲᠠᠢ ᠪᠠᠭᠠᠰᠬᠠᠨ᠂ ᠬᠦᠴᠢᠷᠳᠡᠯᠲᠡᠢ ᠣᠯᠠᠨ ᠲᠦᠮᠡᠨ ᠯᠤᠭᠡ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠷ᠎ᠡ ᠪᠦᠲᠦᠭᠡᠯ᠎ᠢ ᠴᠠᠭ ᠲᠤᠬᠠᠢ᠎ᠳᠤ ᠨᠢ ᠬᠠᠮᠲᠤ᠎ᠪᠠᠷ ᠭᠦᠷᠲᠡᠭᠦᠯᠭᠦ ᠬᠡᠷᠡᠭᠲᠡᠢ᠃
ᠬᠣᠶᠠᠷ᠂ ᠬᠦᠴᠢᠷᠳᠡᠯᠲᠡᠢ ᠤᠯᠠᠨ ᠲᠦᠮᠡᠨ᠎ᠳᠦ ᠲᠡᠩᠬᠡᠷᠡᠭᠦᠯᠦᠨ ᠲᠤᠰᠠᠯᠠᠬᠤ ᠨᠥᠬᠥᠪᠦᠷᠢ᠎ᠶᠢᠨ ᠪᠡᠯᠡ ᠮᠥᠩᠭᠥ ᠣᠯᠭᠣᠬᠤ᠎ᠶᠢ ᠵᠢᠷᠤᠮᠵᠢᠭᠤᠯᠬᠤ ᠬᠡᠷᠡᠭᠲᠡᠢ
ᠡᠯ᠎ᠡ ᠭᠠᠵᠠᠷ ᠣᠷᠣᠨ 《 ᠨᠡᠢᠭᠡᠮ᠎ᠦᠨ ᠲᠡᠩᠬᠡᠷᠡᠭᠦᠯᠦᠨ ᠲᠤᠰᠠᠯᠠᠬᠤ ᠠᠵᠢᠯ᠎ᠢ ᠪᠣᠳᠠᠲᠠᠢᠵᠢᠭᠤᠯᠤᠭᠰᠠᠨ ᠦᠭᠡᠢ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ》 ᠠᠵᠢᠯ᠎ᠢ ᠥᠷᠨᠢᠭᠦᠯᠬᠦ᠎ᠲᠠᠢ᠎ᠪᠠᠨ ᠤᠶᠠᠯᠳᠤᠭᠤᠯᠤᠨ᠂ ᠬᠦᠴᠢᠷᠳᠡᠯᠲᠡᠢ ᠣᠯᠠᠨ ᠲᠦᠮᠡᠨ᠎ᠦ ᠲᠡᠩᠬᠡᠷᠡᠭᠦᠯᠦᠨ ᠲᠤᠰᠠᠯᠠᠬᠤ ᠨᠥᠬᠥᠪᠦᠷᠢ᠎ᠶᠢᠨ ᠪᠡᠯᠡ ᠮᠥᠩᠭᠥ᠎ᠶᠢᠨ ᠣᠯᠭᠣᠯᠲᠠ᠎ᠶᠢᠨ ᠠᠵᠢᠯ᠎ᠢ ᠬᠢᠨᠠᠮᠠᠭᠠᠢ ᠰᠠᠢᠲᠤᠷ ᠠᠳᠬᠤᠵᠤ᠂ ᠲᠣᠭᠲᠠᠭᠠᠯ ᠶᠣᠰᠣᠭᠠᠷ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠮᠥᠩᠭᠥ᠂ ᠣᠨᠴᠠ ᠬᠦᠴᠢᠷᠳᠡᠯᠲᠡᠢ ᠬᠥᠮᠥᠰ᠎ᠦᠨ ᠠᠰᠠᠷᠠᠮᠵᠢ᠎ᠶᠢᠨ ᠮᠥᠩᠭᠥ᠎ᠶᠢ ᠲᠡᠩᠬᠡᠷᠡᠭᠦᠯᠦᠨ ᠲᠤᠰᠠᠯᠠᠬᠤ ᠡᠲᠡᠭᠡᠳ᠎ᠦᠨ ᠬᠤᠪᠢ ᠬᠥᠮᠥᠨ᠎ᠦ ᠳᠠᠩᠰᠠᠨ ᠡᠷᠦᠭᠡ᠎ᠳᠤ ᠨᠢ ᠴᠠᠭ ᠲᠤᠬᠠᠢ᠎ᠳᠤ ᠨᠢ ᠭᠦᠢᠴᠡᠳ ᠲᠣᠭ᠎ᠠ᠎ᠪᠠᠷ ᠣᠯᠭᠣᠬᠤ ᠬᠡᠷᠡᠭᠲᠡᠢ᠃ ᠡᠯ᠎ᠡ ᠠᠢᠮᠠᠭ ᠬᠤᠳᠠ ᠵᠢᠴᠢ ᠬᠠᠷᠢᠶ᠎ᠠ ᠬᠣᠰᠢᠭᠤ ᠰᠢᠶᠠᠨ ( ᠬᠤᠳᠠ᠂ ᠲᠣᠭᠣᠷᠢᠭ᠋) ᠨᠢ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ᠎ᠶᠢᠨ ᠪᠡᠯᠡ ᠮᠥᠩᠭᠥ᠎ᠶᠢ ᠠᠳᠠᠯᠢ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠲᠦ᠎ᠪᠠᠨ ᠣᠷᠣᠭᠤᠯᠵᠤ᠂ ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠦ ᠣᠷᠣᠭᠣᠯᠣᠯᠲᠠ᠎ᠶᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠡᠯᠡ ᠮᠥᠩᠭᠥ᠎ᠪᠠᠷ ᠪᠠᠲᠤᠯᠠᠬᠤ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ᠎ᠶᠢᠨ ᠪᠡᠯᠡ ᠮᠥᠩᠭᠥ᠎ᠶᠢ ᠬᠡᠷᠡᠭᠯᠡᠬᠦ ᠲᠠᠯ᠎ᠠ ᠳ᠋ᠠᠭᠢ ᠬᠠᠮᠢᠶᠠᠷᠤᠯᠲᠠ᠎ᠪᠠᠨ ᠴᠢᠩᠭᠠᠳᠬᠠᠵᠤ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠥ᠎ᠶᠢ ᠲᠣᠬᠢᠷᠠᠭᠤᠯᠤᠨ ᠰᠢᠩᠭᠡᠭᠡᠬᠦ ᠡᠷᠴᠢᠮ᠎ᠢᠶᠡᠨ ᠴᠢᠩᠭᠠᠷᠠᠭᠤᠯᠤᠨ᠂ ᠲᠥᠰᠥᠪ᠎ᠦᠨ ᠬᠡᠷᠡᠭᠵᠢᠭᠦᠯᠦᠯᠲᠡ᠎ᠶᠢᠨ ᠠᠬᠢᠴᠠ᠎ᠪᠠᠨ ᠲᠦᠷᠭᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ ᠨᠢ ᠪᠡᠯᠡ ᠮᠥᠩᠭᠥ ᠣᠯᠭᠣᠭᠰᠠᠨ᠂ ᠦᠯᠡᠳᠡᠪᠦᠷᠢ ᠪᠡᠯᠡ ᠮᠥᠩᠭᠥ᠎ᠶᠢ ᠳ᠋ᠦᠩᠨᠡᠨ ᠰᠢᠯᠵᠢᠭᠦᠯᠦᠭᠰᠡᠨ ᠵᠡᠷᠭᠡ ᠪᠠᠢᠳᠠᠯ᠎ᠳᠤ ᠬᠢᠨᠠᠨ ᠰᠢᠨᠵᠢᠯᠲᠡ᠂ ᠰᠤᠭᠤᠴᠢᠨ ᠪᠠᠢᠴᠠᠭᠠᠯᠲᠠ ᠥᠷᠨᠢᠭᠦᠯᠦᠨ᠂ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠦᠨᠡᠨ ᠬᠦ᠌ ᠪᠠᠲᠤᠯᠠᠬᠤ ᠬᠡᠷᠡᠭᠲᠡᠢ᠃
ᠭᠤᠷᠪᠠ᠂ ᠣᠷᠣᠯᠭ᠎ᠠ ᠪᠠᠭᠠᠲᠠᠢ ᠬᠥᠮᠥᠨ ᠠᠮᠠ᠎ᠶᠢᠨ ᠬᠥᠳᠡᠯᠦᠩᠭᠦᠢ ᠬᠢᠨᠠᠨ ᠰᠢᠨᠵᠢᠬᠦ ᠪᠠ ᠪᠠᠢᠩᠭᠤᠰᠢᠭᠤᠯᠤᠭᠰᠠᠨ ᠲᠡᠩᠬᠡᠷᠡᠭᠦᠯᠦᠨ ᠲᠤᠰᠠᠯᠠᠵᠤ ᠬᠠᠪᠰᠣᠷᠣᠨ ᠲᠡᠳᠬᠦᠬᠦ ᠠᠵᠢᠯ᠎ᠢᠶᠠᠨ ᠴᠢᠩᠭᠠᠳᠬᠠᠬᠤ ᠬᠡᠷᠡᠭᠲᠡᠢ
ᠡᠯ᠎ᠡ ᠭᠠᠵᠠᠷ ᠣᠷᠣᠨ ᠣᠷᠣᠯᠭ᠎ᠠ ᠪᠠᠭᠠᠲᠠᠢ ᠬᠥᠮᠥᠨ ᠠᠮᠠ᠎ᠶᠢᠨ ᠮᠠᠭᠠᠳᠯᠠᠨ ᠲᠣᠭᠲᠠᠭᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠨᠴᠠᠭᠠᠢᠯᠠᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠲᠦᠪᠰᠢᠨ᠎ᠳᠦ ᠣᠢᠷᠠᠳᠴᠤ ᠪᠠᠢᠭ᠎ᠠ ᠭᠡᠷ ᠪᠦᠯᠢ᠂ ᠵᠠᠢᠯᠠᠰᠢ ᠦᠭᠡᠢ ᠵᠠᠷᠤᠯᠭ᠎ᠠ ᠳᠤ᠎ᠪᠠᠨ ᠬᠦᠴᠢᠷᠳᠡᠵᠦ ᠪᠠᠢᠭ᠎ᠠ ᠭᠡᠷ ᠪᠦᠯᠢ᠎ᠶᠢ ᠮᠠᠭᠠᠳᠯᠠᠨ ᠲᠣᠭᠲᠠᠭᠠᠬᠤ ᠡᠷᠴᠢᠮ᠎ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠤᠷᠣᠯᠭ᠎ᠠ ᠪᠠᠭᠠᠲᠠᠢ ᠬᠥᠮᠥᠨ ᠠᠮᠠ᠎ᠶᠢᠨ ᠬᠥᠳᠡᠯᠦᠩᠭᠦᠢ ᠬᠢᠨᠠᠨ ᠰᠢᠨᠵᠢᠬᠦ ᠮᠡᠳᠡᠭᠡ ᠵᠠᠩᠭᠢ᠎ᠶᠢᠨ ᠲᠠᠪᠴᠠᠩ᠎ᠳᠤ ᠲᠦᠰᠢᠭᠯᠡᠨ᠂ ᠬᠥᠳᠡᠯᠦᠩᠭᠦᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠭᠦ ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠶᠢ ᠪᠦᠷᠢᠨᠰᠢᠭᠦᠯᠵᠦ᠂ ᠰᠠᠯᠠᠭ᠎ᠠ ᠮᠥᠴᠢᠷ᠎ᠦᠨ ᠬᠤᠭᠤᠷᠤᠨᠳᠤᠭᠢ ᠳ᠋ᠠᠢᠲ᠋ᠠ᠎ᠶᠢ ᠬᠠᠮᠲᠤ᠎ᠳᠤ᠎ᠪᠠᠨ ᠭᠦᠷᠲᠡᠭᠦ ᠪᠠ ᠮᠡᠳᠡᠭᠡ ᠵᠠᠩᠭᠢ᠎ᠶᠢ ᠬᠠᠷᠢᠴᠠᠭᠤᠯᠬᠤ᠎ᠪᠠᠨ ᠴᠢᠩᠭᠠᠳᠬᠠᠵᠤ᠂ 《 ᠳ᠋ᠠᠢᠲ᠋ᠠ ᠪᠢᠴᠢᠵᠦ ᠤᠷᠤᠭᠤᠯᠬᠤ᠂ ᠳᠡᠰ ᠳᠠᠪᠬᠤᠷᠭ᠎ᠠ ᠬᠤᠪᠢᠶᠠᠨ ᠬᠠᠮᠢᠶᠠᠷᠬᠤ᠂ ᠳ᠋ᠠᠢᠲ᠋ᠠ᠎ᠶᠢ ᠬᠠᠮᠲᠤ᠎ᠳᠤ᠎ᠪᠠᠨ ᠭᠦᠷᠲᠡᠭᠦ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠭᠦ᠂ ᠰᠢᠯᠵᠢᠭᠦᠯᠦᠨ ᠭᠦᠢᠴᠡᠳᠬᠡᠵᠦ ᠳᠠᠮᠵᠢᠭᠤᠯᠬᠤ᠂ ᠦᠷ᠎ᠡ ᠳ᠋ᠦᠩ᠎ᠢ ᠬᠠᠷᠢᠭᠤ ᠲᠤᠰᠬᠠᠬᠤ》 ᠲᠠᠯ᠎ᠠ᠎ᠶᠢᠨ ᠪᠠᠢᠩᠭᠤᠰᠢᠭᠤᠯᠤᠭᠰᠠᠨ ᠲᠡᠩᠬᠡᠷᠡᠭᠦᠯᠦᠨ ᠲᠤᠰᠠᠯᠠᠵᠤ ᠬᠠᠪᠰᠣᠷᠣᠨ ᠲᠡᠳᠬᠦᠬᠦ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠡᠷᠦᠭᠡ ( ᠬᠥᠮᠥᠨ )᠎ᠳᠤ ᠨᠢᠭᠡ ᠲᠡᠩᠬᠡᠷᠡᠭᠦᠯᠦᠨ ᠲᠤᠰᠠᠯᠠᠬᠤ ᠬᠣᠯᠪᠣᠯᠴᠠᠯᠢ ᠪᠠᠢᠭᠤᠯᠵᠤ᠂ ᠪᠠᠭᠤᠷᠠᠢ᠎ᠪᠠᠨ ᠣᠯᠠᠨ᠎ᠢᠶᠠᠷ᠎ᠢᠶᠠᠨ ᠳᠡᠮᠵᠢᠳᠡᠭ 《ᠨᠢᠭᠡ ᠬᠤᠪᠢ ᠵᠣᠯ ᠵᠢᠷᠭᠠᠯ᠎ᠤᠨ ᠲᠣᠳᠣᠷᠬᠠᠢ ᠬᠠᠭᠤᠳᠠᠰᠤ》᠎ᠶᠢ ᠪᠦᠷᠢᠯᠳᠦᠭᠦᠯᠦᠨ᠎ᠡ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠨᠢ ᠪᠤᠴᠠᠭᠠᠳ ᠶᠠᠳᠠᠭᠤᠷᠠᠬᠤ᠎ᠡᠴᠡ ᠰᠡᠷᠭᠡᠢᠯᠡᠵᠦ ᠬᠠᠪᠰᠣᠷᠣᠨ ᠲᠡᠳᠬᠦᠬᠦ ᠲᠦᠷᠦ᠎ᠶᠢᠨ ᠪᠣᠳᠣᠯᠭ᠎ᠠ ᠪᠠ ᠲᠠᠷᠢᠶᠠᠯᠠᠬᠤ ᠮᠠᠯᠵᠢᠬᠤ ᠣᠷᠣᠨ᠎ᠤ ᠣᠷᠣᠯᠭ᠎ᠠ ᠪᠠᠭᠠᠲᠠᠢ ᠬᠥᠮᠥᠨ ᠠᠮᠠ᠎ᠳᠤ ᠪᠠᠢᠩᠭᠤᠰᠢᠭᠤᠯᠤᠭᠰᠠᠨ ᠬᠠᠪᠰᠣᠷᠣᠨ ᠲᠡᠳᠬᠦᠬᠦ ᠲᠦᠷᠦ᠎ᠶᠢᠨ ᠪᠣᠳᠣᠯᠭ᠎ᠠ᠎ᠪᠠᠨ ᠵᠣᠯᠭᠠᠭᠤᠯᠤᠨ ᠨᠢᠭᠡᠳᠬᠡᠬᠦ᠎ᠶᠢ ᠲᠦᠷᠭᠡᠳᠬᠡᠨ ᠠᠬᠢᠭᠤᠯᠵᠤ᠂ ᠲᠤᠷᠰᠢᠯᠲᠠ᠎ᠶᠢᠨ ᠴᠡᠭ᠎ᠦᠨ ᠠᠵᠢᠯ᠎ᠢᠶᠠᠨ ᠬᠠᠮᠵᠢᠯᠴᠠᠨ ᠰᠠᠢᠲᠤᠷ ᠬᠢᠵᠦ᠂ ᠨᠢᠭᠡᠳᠦᠯᠲᠡᠢ ᠬᠢᠨᠠᠨ ᠰᠢᠨᠵᠢᠬᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ᠎ᠶᠢ ᠪᠠᠢᠭᠤᠯᠤᠨ᠂ ᠬᠡᠪᠴᠢᠶᠡᠵᠢᠭᠰᠡᠨ ᠴᠢᠨᠠᠷᠲᠠᠢ ᠪᠤᠴᠠᠭᠠᠳ ᠶᠠᠳᠠᠭᠤᠷᠠᠬᠤ ᠦᠵᠡᠭᠳᠡᠯ ᠡᠭᠦᠰᠬᠦ ᠦᠭᠡᠢ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃
ᠳᠠᠭᠠᠯᠳᠤᠭᠤᠯᠤᠯ᠄ 1 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠪᠠᠷᠢᠮᠵᠢᠶᠠᠨ᠎ᠤ ᠲᠣᠳᠣᠷᠬᠠᠢ ᠬᠦᠰᠦᠨᠦᠭᠲᠦ
2 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠨᠴᠠ ᠭᠦᠴᠢᠷᠳᠡᠯᠳᠢ ᠬᠥᠮᠥᠰ᠎ᠦᠨ ᠦᠨᠳᠦᠰᠦᠨ ᠠᠮᠢᠳᠤᠷᠠᠯ᠎ᠤᠨ ᠪᠠᠷᠢᠮᠵᠢᠶᠠᠨ᠎ᠤ ᠲᠣᠳᠣᠷᠬᠠᠢ ᠬᠦᠰᠦᠨᠦᠭᠲᠦ
3 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠵᠤ ᠬᠠᠷᠠᠭᠠᠯᠵᠠᠨ ᠰᠤᠪᠢᠯᠠᠬᠤ ᠪᠠᠷᠢᠮᠵᠢᠶᠠᠨ᠎ᠤ ᠲᠣᠳᠣᠷᠬᠠᠢ ᠬᠦᠰᠦᠨᠦᠭᠲᠦ
2025 ᠣᠨ᠎ᠤ 5 ᠳ᠋ᠤᠭᠠᠷ ᠰᠠᠷ᠎ᠠ᠎ᠶᠢᠨ 27᠎ᠦ ᠡᠳᠦᠷ
( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
https://mgl.nmg.gov.cn//113/1132/2025/8/7/ba16e257f5fbb973ed18dcd879253f39.html