ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2025〕 20 ᠳ᠋ᠤᠭᠠᠷ ᠲᠣᠭᠠᠲᠤ
ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠭ᠎ᠠ ᠵᠢᠷᠤᠮᠵᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠭ᠎ᠠ ᠵᠢᠷᠤᠮᠵᠢᠭᠤᠯᠬᠤ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠦᠷᠦ ᠠᠯᠪᠠᠨ ᠲᠠᠷᠬᠠᠭᠠᠭᠰᠠᠨ 〔2024〕 54 ᠳ᠋ᠦ᠍ᠭᠡᠷ ᠲᠣᠭᠠᠲᠤ)᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠲᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠡᠷᠬᠡ ᠲᠤᠰᠢᠶᠠᠯ᠎ᠢ ᠲᠣᠳᠣᠷᠬᠠᠢᠯᠠᠨ᠎ᠠ
(ᠨᠢᠭᠡ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠭᠣᠣᠯ ᠴᠣᠭᠴᠠ᠎ᠶᠢ ᠲᠣᠳᠣᠷᠬᠠᠢᠯᠠᠨ᠎ᠠ᠃ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠭᠣᠣᠯ ᠴᠣᠭᠴᠠ᠎ᠳᠤ ᠵᠠᠰᠠᠭ ᠵᠠᠬᠢᠷᠭᠠᠨ᠎ᠤ ᠪᠣᠳᠠᠲᠠᠢ ᠬᠠᠤᠯᠢ ᠬᠡᠷᠡᠭᠵᠢᠭᠦᠯᠬᠦ ᠡᠷᠬᠡ ᠪᠦᠬᠦᠢ ᠵᠠᠰᠠᠭ ᠵᠠᠬᠢᠷᠭᠠᠨ᠎ᠤ ᠪᠠᠢᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠡᠷᠬᠡ ᠣᠯᠭᠣᠭᠰᠠᠨ ᠤᠯᠠᠨ ᠨᠡᠢᠲᠡ᠎ᠶᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠢᠭᠤᠯᠭ᠎ᠠ ᠪᠠᠭᠲᠠᠨ᠎ᠠ᠃ ᠬᠠᠤᠯᠢ ᠶᠣᠰᠣᠭᠠᠷ ᠨᠠᠢᠳᠠᠯᠭ᠎ᠠ ᠬᠦᠯᠢᠶᠡᠵᠦ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠬᠡᠷᠡᠭᠵᠢᠭᠦᠯᠬᠦ ᠵᠣᠬᠢᠶᠠᠨ ᠪᠠᠢᠭᠤᠯᠤᠯᠲᠠ ᠨᠢ ᠨᠠᠢᠳᠠᠭᠰᠠᠨ ᠭᠣᠣᠯ ᠴᠣᠭᠴᠠ᠎ᠶᠢᠨ ᠨᠡᠷ᠎ᠡ᠎ᠪᠡᠷ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠬᠡᠷᠡᠭᠵᠢᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ ᠨᠢ ᠡᠯ᠎ᠡ ᠵᠦᠢᠯ᠎ᠦᠨ ᠨᠡᠷ᠎ᠡ᠎ᠪᠡᠷ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠵᠤ᠂ ᠪᠠᠢᠴᠠᠭᠠᠨ ᠰᠢᠯᠭᠠᠵᠤ ᠪᠠᠢᠴᠠᠭᠠᠨ ᠰᠢᠨᠵᠢᠬᠦ ᠪᠠᠢᠭᠤᠯᠤᠮᠵᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠭᠤᠷᠪᠠᠳᠠᠭᠢ ᠲᠠᠯ᠎ᠠ᠎ᠶᠢᠨ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠵᠤ᠂ ᠵᠠᠭᠤᠴᠢ ᠪᠠᠢᠭᠤᠯᠤᠮᠵᠢ᠎ᠳᠤ ᠭᠠᠳᠠᠭ᠍ᠰᠢ ᠳᠠᠭᠠᠭᠠᠴᠢᠯᠠᠭᠤᠯᠤᠨ ᠵᠠᠰᠠᠭ ᠵᠠᠬᠢᠷᠭᠠᠨ᠎ᠤ ᠪᠠᠢᠴᠠᠭᠠᠯᠲᠠ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠨ᠎ᠠ᠃
(ᠬᠣᠶᠠᠷ) ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠢ ᠲᠣᠳᠣᠷᠬᠠᠢᠯᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ᠎ᠤᠨ ᠲᠣᠭᠲᠠᠭᠠᠯ᠎ᠢ ᠦᠨᠳᠦᠰᠦᠯᠡᠨ᠂ ᠡᠷᠬᠡ ᠬᠠᠷᠢᠭᠤᠴᠠᠯᠭ᠎ᠠ᠎ᠶᠢᠨ ᠲᠣᠳᠣᠷᠬᠠᠢ ᠬᠠᠭᠤᠳᠠᠰᠤ ᠲᠠᠢ ᠤᠶᠠᠯᠳᠤᠭᠤᠯᠵᠤ᠂ ᠲᠤᠰ ᠰᠠᠯᠠᠭ᠎ᠠ ᠮᠥᠴᠢᠷ᠎ᠤᠨ᠎ᠢᠶᠠᠨ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠦᠨ ᠲᠣᠳᠣᠷᠬᠠᠢ ᠬᠠᠭᠤᠳᠠᠰᠤ᠎ᠶᠢ ᠲᠣᠭᠲᠠᠭᠠᠨ ᠨᠡᠢᠲᠡᠯᠡᠬᠦ᠎ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ᠎ᠤ 《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠨᠡᠢᠲᠡ᠎ᠳᠦ ᠵᠠᠷᠯᠠᠬᠤ ᠲᠤᠰᠬᠠᠢ ᠪᠤᠯᠣᠩ 》᠎ᠳᠤ ᠵᠡᠷᠭᠡ᠎ᠳᠦ ᠨᠢ ᠴᠥᠷᠬᠡᠯᠡᠨᠡ (ᠰᠢᠰᠲᠧᠮ᠎ᠦᠨ ᠬᠠᠮᠢᠶᠠᠷᠤᠯᠲᠠ᠎ᠶᠢ ᠬᠡᠷᠡᠭᠵᠢᠭᠦᠯᠵᠦ ᠪᠠᠢᠭ᠎ᠠ ᠰᠠᠯᠠᠭ᠎ᠠ ᠮᠥᠴᠢᠷ᠎ᠤᠳ ᠯᠡᠪᠯᠡᠯᠲᠡ ᠪᠣᠯᠭᠠᠨ ᠬᠡᠷᠡᠭᠵᠢᠭᠦᠯᠦᠨ᠎ᠡ)᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠣᠳᠣᠷᠬᠠᠢ ᠬᠠᠭᠤᠳᠠᠰᠤᠨ᠎ᠳᠤ ᠤᠷᠤᠭᠤᠯᠬᠤ ᠴᠢᠬᠤᠯᠠᠲᠠᠢ ᠵᠦᠢᠯᠡᠰ ᠪᠦᠭᠦᠨ᠎ᠢ ᠣᠷᠤᠭᠤᠯᠬᠤ᠎ᠪᠠᠨ ᠴᠢᠩᠳᠠᠯᠠᠨ᠂ ᠬᠠᠤᠯᠢ ᠬᠡᠷᠡᠭᠵᠢᠭᠦᠯᠬᠦ ᠦᠭᠡᠢ᠂ ᠪᠠᠢᠴᠠᠭᠠᠯᠲᠠ ᠬᠢᠬᠦ ᠦᠭᠡᠢ ᠵᠡᠷᠭᠡ ᠬᠠᠤᠯᠢ ᠬᠡᠷᠡᠭᠵᠢᠭᠦᠯᠬᠦ᠎ᠳᠠᠬᠢ ᠦᠯᠦ ᠬᠠᠷᠢᠭᠤᠴᠠᠨ ᠠᠵᠢᠯᠯᠠᠬᠤ ᠪᠠᠢᠳᠠᠯ ᠡᠭᠦᠰᠬᠦ᠎ᠡᠴᠡ ᠰᠡᠷᠭᠡᠢᠯᠡᠨ᠎ᠡ᠃ ᠡᠭᠦᠨ᠎ᠦ ᠬᠠᠮᠲᠤ᠂ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠢ ᠡᠷᠬᠡ ᠬᠠᠷᠢᠭᠤᠴᠠᠯᠭ᠎ᠠ᠎ᠶᠢᠨ ᠲᠣᠳᠣᠷᠬᠠᠢ ᠬᠠᠭᠤᠳᠠᠰᠤᠨ᠎ᠤ ᠬᠦᠷᠢᠶ᠎ᠡ ᠬᠡᠪᠴᠢᠶᠡᠨ᠎ᠡᠴᠡ ᠬᠡᠲᠦᠷᠡᠭᠦᠯᠵᠦ ᠪᠤᠯᠬᠤ ᠦᠭᠡᠢ᠃ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠢᠯᠡᠰ᠎ᠦᠨ ᠲᠣᠳᠣᠷᠬᠠᠢ ᠬᠠᠭᠤᠳᠠᠰᠤᠨ᠎ᠳᠤ ᠬᠥᠳᠡᠯᠦᠩᠭᠦᠢ ᠬᠠᠮᠢᠶᠠᠷᠤᠯᠲᠠ᠎ᠶᠢ ᠬᠡᠷᠡᠭᠵᠢᠭᠦᠯᠵᠦ᠂ ᠬᠠᠤᠯᠢ᠎ᠳᠤ ᠲᠣᠭᠲᠠᠭᠠᠭᠰᠠᠨ ᠦᠨᠳᠦᠰᠦᠯᠡᠯ ᠦᠭᠡᠢ᠎ᠶᠢ ᠨᠢ ᠡᠷᠡᠰ ᠢᠯᠭᠠᠷᠠᠭᠤᠯᠵᠤ᠂ ᠬᠠᠤᠯᠢ᠎ᠳᠤ ᠲᠣᠭᠲᠠᠭᠠᠭᠰᠠᠨ ᠦᠨᠳᠦᠰᠦᠯᠡᠯ᠎ᠳᠦ ᠨᠢ ᠬᠤᠪᠢᠷᠠᠯᠲᠠ ᠭᠠᠷᠤᠭᠰᠠᠨ ᠪᠠᠢᠪᠠᠯ ᠴᠠᠭ ᠲᠤᠬᠠᠢ ᠳ᠋ᠤ᠌ ᠨᠢ ᠲᠣᠬᠢᠷᠠᠭᠤᠯᠤᠯᠲᠠ ᠬᠢᠵᠦ᠂ ᠪᠣᠳᠠᠲᠠᠢ ᠦᠷ᠎ᠡ ᠪᠦᠲᠦᠭᠡᠮᠵᠢ ᠦᠭᠡᠢ᠎ᠶᠢ ᠨᠢ ᠬᠦᠴᠦᠨ ᠦᠭᠡᠢ ᠪᠤᠯᠭᠠᠬᠤ ᠬᠡᠷᠡᠭᠲᠡᠢ᠃
(ᠭᠤᠷᠪᠠ) ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠡᠷᠬᠡ᠎ᠶᠢ ᠵᠢᠷᠤᠮᠵᠢᠭᠤᠯᠤᠨ ᠬᠡᠷᠡᠭᠵᠢᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠡᠷᠬᠡ᠎ᠶᠢ ᠬᠡᠷᠡᠭᠵᠢᠭᠦᠯᠬᠦ᠎ᠳᠦ᠎ᠪᠡᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭᠠᠯ᠎ᠢ ᠵᠢᠷᠤᠮᠯᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ᠎ᠳᠦ ᠪᠠᠢᠴᠠᠭᠠᠯᠲᠠ᠎ᠶᠢᠨ ᠡᠲᠡᠭᠡᠳ᠂ ᠠᠭᠤᠯᠭ᠎ᠠ ᠪᠠ ᠳᠠᠪᠲᠠᠮᠵᠢ ᠵᠡᠷᠭᠡ᠎ᠳᠦ ᠵᠦᠪᠭᠡᠨ ᠵᠠᠷᠴᠢᠮ᠎ᠤᠨ ᠴᠢᠨᠠᠷᠲᠠᠢ ᠲᠣᠭᠲᠠᠭᠠᠯ ᠭᠠᠷᠭᠠᠭᠰᠠᠨ ᠪᠠᠢᠪᠠᠯ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠶᠣᠰᠣᠭᠠᠷ ᠨᠠᠷᠢᠯᠢᠭ᠍ᠵᠢᠭᠤᠯᠤᠨ ᠬᠡᠮᠵᠢᠶᠡᠯᠡᠵᠦ᠂ ᠲᠠᠰᠤᠯᠤᠯᠲᠠ᠎ᠶᠢᠨ ᠡᠷᠬᠡ᠎ᠶᠢᠨ ᠰᠠᠭᠤᠷᠢ ᠪᠠᠷᠢᠮᠵᠢᠶ᠎ᠠ᠎ᠶᠢ ᠪᠦᠷᠢᠯᠳᠦᠭᠦᠯᠬᠦ ᠬᠡᠷᠡᠭᠲᠡᠢ ᠃
(ᠳᠥᠷᠪᠡ) ᠵᠠᠰᠠᠭ ᠵᠠᠬᠢᠷᠭᠠᠨ᠎ᠤ ᠪᠠᠢᠴᠠᠭᠠᠬᠤ ᠲᠥᠯᠥᠪᠯᠡᠭᠡ᠎ᠪᠡᠨ ᠵᠢᠷᠤᠮᠵᠢᠭᠤᠨ ᠲᠣᠭᠲᠠᠭᠠᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠣᠨ᠎ᠤ ᠡᠳᠦᠷ ᠲᠤᠲᠤᠮ᠎ᠤᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠥᠯᠥᠪᠯᠡᠭᠡ᠎ᠪᠡᠨ ᠰᠢᠨᠵᠢᠯᠡᠬᠦ ᠤᠬᠠᠭᠠᠨᠴᠢ᠎ᠪᠠᠷ ᠵᠦᠢ ᠵᠣᠬᠢᠰᠲᠠᠢ ᠲᠣᠭᠲᠠᠭᠠᠬᠤ᠎ᠶᠢᠨ ᠬᠠᠮᠲᠤ᠂ ᠵᠢᠯ ᠪᠦᠷᠢ᠎ᠶᠢᠨ 3 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠨᠡᠢᠭᠡᠮ᠎ᠳᠦ ᠨᠡᠢᠲᠡᠯᠡᠬᠦ ᠬᠡᠷᠡᠭᠲᠡᠢ᠃ ᠲᠦᠷ ᠴᠠᠭ᠎ᠤᠨ ᠪᠠᠢᠴᠠᠭᠠᠯᠲᠠ ᠬᠢᠬᠦ᠎ᠳᠦ᠂ ᠲᠦᠷ ᠴᠠᠭ᠎ᠤᠨ ᠪᠠᠢᠴᠠᠭᠠᠯᠲᠠ᠎ᠶᠢᠨ ᠲᠥᠯᠥᠪᠯᠡᠭᠡ ᠲᠣᠭᠲᠠᠭᠠᠵᠤ᠂ ᠪᠠᠢᠴᠠᠭᠠᠯᠲᠠ ᠬᠢᠬᠦ᠎ᠠᠴᠠ ᠡᠮᠦᠨ᠎ᠡ ᠲᠤᠰ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨᠳᠦᠪᠡᠨ ᠮᠡᠳᠡᠭᠦᠯᠦᠨ ᠵᠥᠪᠰᠢᠶᠡᠷᠡᠭᠦᠯᠵᠦ᠂ ᠪᠠᠢᠳᠠᠯ ᠪᠠᠴᠢᠮ᠂ ᠲᠤᠬᠠᠢ᠎ᠶᠢᠨ ᠲᠠᠯᠠᠪᠤᠷ᠎ᠲᠤ ᠨᠢ ᠬᠡᠷᠡᠭᠵᠢᠭᠦᠯᠬᠦ ᠴᠢᠬᠤᠯᠠᠲᠠᠢ᠎ᠶᠢ ᠨᠢ ᠴᠠᠭ ᠲᠤᠬᠠᠢ᠎ᠳᠤ ᠨᠢ ᠮᠡᠳᠡᠭᠦᠯᠬᠦ᠎ᠶᠢᠨ ᠬᠠᠮᠲᠤ ᠭᠠᠷ ᠭᠦᠢᠴᠡᠳᠬᠡᠯ᠎ᠢᠶᠡᠨ ᠨᠥᠬᠥᠪᠦᠷᠢᠯᠡᠨ ᠭᠦᠢᠴᠡᠳᠬᠡᠬᠦ ᠬᠡᠷᠡᠭᠲᠡᠢ᠃ ᠳᠡᠭᠡᠳᠦ ᠱᠠᠲᠤᠨ᠎ᠤ ᠪᠠᠢᠷᠢᠯᠠᠭᠤᠯᠤᠭᠰᠠᠨ ᠲᠤᠰᠬᠠᠢ ᠪᠠᠢᠴᠠᠭᠠᠯᠲᠠ᠎ᠶᠢ ᠭᠦᠢᠴᠡᠳᠬᠡᠬᠦ᠎ᠡᠴᠡ ᠭᠠᠳᠠᠨ᠎ᠠ᠂ ᠲᠤᠰᠬᠠᠢ ᠪᠠᠢᠴᠠᠭᠠᠯᠲᠠ᠎ᠶᠢᠨ ᠲᠥᠯᠥᠪᠯᠡᠭᠡ᠎ᠶᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠰᠢᠰᠲᠧᠮ᠎ᠦᠨ ᠬᠠᠮᠢᠶᠠᠷᠤᠯᠲᠠ ᠬᠡᠷᠡᠭᠵᠢᠭᠦᠯᠵᠦ ᠪᠠᠢᠭ᠎ᠠ ᠳᠡᠭᠡᠳᠦ ᠨᠢᠭᠡ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢᠶᠡᠷ ᠵᠥᠪᠰᠢᠶᠡᠷᠡᠭᠦᠯᠬᠦ ᠬᠡᠷᠡᠭᠲᠡᠢ᠃ ᠲᠦᠷ ᠴᠠᠭ᠎ᠤᠨ ᠪᠠᠢᠴᠠᠭᠠᠯᠲᠠ᠎ᠶᠢᠨ ᠲᠥᠯᠥᠪᠯᠡᠭᠡ ᠪᠠ ᠲᠤᠰᠬᠠᠢ ᠪᠠᠢᠴᠠᠭᠠᠯᠲᠠ᠎ᠶᠢᠨ ᠲᠥᠯᠥᠪᠯᠡᠭᠡ᠎ᠶᠢ ᠨᠡᠢᠭᠡᠮ᠎ᠳᠤ ᠨᠡᠢᠲᠡᠯᠡᠬᠦ ᠬᠡᠷᠡᠭᠲᠡᠢ᠂ ᠨᠢᠭᠡᠨᠲᠡ ᠨᠡᠢᠲᠡᠯᠡᠭᠰᠡᠨ ᠪᠠᠢᠴᠠᠭᠠᠯᠲᠠ᠎ᠶᠢᠨ ᠲᠥᠯᠥᠪᠯᠡᠭᠡ᠎ᠶᠢ ᠥᠪᠡᠷᠲᠡᠭᠡᠨ ᠵᠠᠰᠠᠬᠤ ᠣᠷᠣᠨ᠎ᠦ 《ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠨᠡᠢᠲᠡ᠎ᠳᠦ ᠵᠠᠷᠯᠠᠬᠤ ᠲᠤᠰᠬᠠᠢ ᠪᠤᠯᠤᠩ》᠎ᠳᠤ ᠴᠥᠷᠬᠡᠯᠡᠬᠦ ᠬᠡᠷᠡᠭᠲᠡᠢ᠃
(ᠲᠠᠪᠤ) 《ᠨᠢᠭᠡ ᠤᠳᠠᠭ᠎ᠠ᠎ᠳᠤ ᠶᠡᠷᠦᠩᠬᠡᠢᠯᠡᠨ ᠪᠠᠢᠴᠠᠭᠠᠬᠤ》᠎ᠶᠢ ᠭᠦᠨᠵᠡᠭᠡᠢᠷᠡᠭᠦᠯᠦᠨ᠎ᠡ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ 《ᠨᠢᠭᠡ ᠤᠳᠠᠭ᠎ᠠ᠎ᠳᠤ ᠶᠡᠷᠦᠩᠬᠡᠢᠯᠡᠨ ᠪᠠᠢᠴᠠᠭᠠᠬᠤ》᠎ᠶᠢ ᠭᠦᠨᠵᠡᠭᠡᠢᠷᠡᠭᠦᠯᠦᠨ᠂ ᠲᠠᠭᠢᠨ ᠳᠠᠪᠲᠠᠨ ᠪᠠᠢᠴᠠᠭᠠᠬᠤ᠂ ᠤᠯᠠᠨ ᠲᠠᠯ᠎ᠠ᠎ᠡᠴᠡ ᠪᠠᠢᠴᠠᠭᠠᠬᠤ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠳᠡᠰ ᠱᠠᠲᠤ ᠪᠤᠶᠤ ᠠᠳᠠᠯᠢ ᠪᠤᠰᠤ ᠣᠷᠣᠨ ᠬᠡᠪᠴᠢᠶᠡᠨ᠎ᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠢᠵᠢᠯᠢ ᠴᠠᠭ ᠬᠤᠭᠤᠴᠠᠭᠠᠨ ᠳᠣᠲᠣᠷ᠎ᠠ ᠠᠳᠠᠯᠢᠬᠠᠨ ᠨᠢᠭᠡ ᠪᠠᠢᠴᠠᠭᠠᠬᠤ ᠡᠲᠡᠭᠡᠳ᠎ᠲᠦ ᠤᠯᠠᠨ ᠵᠦᠢᠯ᠎ᠦᠨ ᠪᠠᠢᠴᠠᠭᠠᠯᠲᠠ ᠬᠢᠬᠦ᠎ᠳᠦ ᠭᠦᠷᠪᠡᠯ᠂ ᠵᠠᠷᠴᠢᠮ ᠳᠡᠭᠡᠷ᠎ᠡ᠎ᠪᠡᠨ ᠬᠣᠯᠪᠤᠭᠠᠯᠠᠨ ᠥᠷᠨᠢᠭᠦᠯᠵᠦ᠂ 《ᠡᠭᠦᠳᠡ᠎ᠪᠡᠷ ᠨᠢᠭᠡ ᠯᠡ ᠤᠳᠠᠭ᠎ᠠ ᠣᠷᠣᠵᠤ᠂ ᠤᠯᠠᠨ ᠵᠦᠢᠯ᠎ᠦᠨ ᠠᠵᠢᠯ ᠶᠠᠪᠤᠳᠠᠯ᠎ᠢ ᠪᠠᠢᠴᠠᠭᠠᠬᠤ》᠎ᠶᠢ ᠪᠡᠶᠡᠯᠡᠭᠦᠯᠬᠦ ᠬᠡᠷᠡᠭᠲᠡᠢ᠃ ᠳᠣᠲᠣᠭᠠᠳᠤ᠎ᠶᠢᠨ ᠡᠯ᠎ᠡ ᠲᠦᠷᠦᠯ᠎ᠦᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠥᠯᠥᠪᠯᠡᠭᠡ᠎ᠶᠢᠨ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠵᠤ᠂ ᠨᠡᠢᠯᠡᠭᠦᠯᠵᠦ ᠪᠤᠯᠬᠤ᠎ᠶᠢ ᠨᠢ ᠴᠥᠮ ᠨᠡᠢᠯᠡᠭᠦᠯᠬᠦ ᠬᠡᠷᠡᠭᠲᠡᠢ᠃ ᠲᠦᠷ ᠴᠠᠭ᠎ᠤᠨ ᠪᠤᠶᠤ ᠳᠡᠭᠡᠳᠦ ᠱᠠᠲᠤᠨ᠎ᠤ ᠱᠠᠭᠠᠷᠳᠠᠯᠭ᠎ᠠ ᠶᠣᠰᠣᠭᠠᠷ ᠪᠠᠢᠴᠠᠭᠠᠯᠲᠠ ᠥᠷᠨᠢᠭᠦᠯᠬᠦ᠎ᠳᠦ᠂ ᠳᠠᠷᠠᠭᠠᠴᠢ᠎ᠶᠢᠨ ᠢᠵᠢᠯᠢ ᠲᠦᠷᠦᠯ᠎ᠦᠨ ᠪᠠᠢᠴᠠᠭᠠᠯᠲᠠ᠎ᠶᠢᠨ ᠲᠥᠯᠥᠪᠯᠡᠭᠡ᠎ᠳᠦ᠎ᠪᠡᠨ ᠢᠵᠢᠯᠢ ᠠᠯᠬᠤᠮ᠎ᠢᠶᠠᠷ ᠬᠠᠷᠭᠤᠭᠤᠯᠤᠨ ᠬᠠᠰᠤᠵᠤ ᠨᠡᠢᠯᠡᠭᠦᠯᠬᠦ ᠬᠡᠷᠡᠭᠲᠡᠢ᠃ ᠪᠠᠢᠴᠠᠭᠠᠯᠲᠠ᠎ᠶᠢᠨ ᠬᠦᠷᠢᠶ᠎ᠡ ᠬᠡᠪᠴᠢᠶ᠎ᠡ᠂ ᠠᠭᠤᠯᠭ᠎ᠠ᠂ ᠴᠠᠭ ᠬᠤᠭᠤᠴᠠᠭ᠎ᠠ ᠪᠠ ᠬᠥᠮᠥᠨ᠎ᠦ ᠲᠣᠭ᠎ᠠ᠎ᠶᠢ ᠴᠢᠩᠭ᠎ᠠ ᠬᠢᠵᠠᠭᠠᠷᠯᠠᠵᠤ᠂ ᠤᠯᠠᠨ ᠰᠠᠯᠠᠭ᠎ᠠ ᠮᠥᠴᠢᠷ᠎ᠤᠨ ᠤᠯᠠᠨ ᠵᠦᠢᠯ᠎ᠦᠨ ᠪᠠᠢᠴᠠᠭᠠᠯᠲᠠ᠎ᠳᠤ ᠬᠣᠯᠪᠣᠭᠳᠠᠭᠰᠠᠨ ᠪᠣᠯ 《ᠨᠢᠭᠡ ᠯᠡ ᠬᠦᠰᠦᠨᠦᠭᠲᠦ᠎ᠪᠡᠷ ᠨᠡᠢᠳᠡᠮ ᠪᠠᠢᠴᠠᠭᠠᠬᠤ》᠎ᠶᠢ ᠬᠡᠷᠡᠭᠵᠢᠭᠦᠯᠦᠨ᠎ᠡ᠃
(ᠵᠢᠷᠭᠤᠭ᠎ᠠ) ᠪᠠᠢᠴᠠᠭᠠᠬᠤ ᠪᠠᠷᠢᠮᠵᠢᠶ᠎ᠠ ᠪᠠ ᠪᠠᠢᠴᠠᠭᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠵᠦ ᠬᠠᠮᠲᠤ᠎ᠪᠠᠷ ᠭᠦᠷᠲᠡᠭᠦ᠎ᠶᠢ ᠠᠬᠢᠭᠤᠯᠤᠨ᠎ᠠ᠃ ᠬᠣᠰᠢᠭᠤ ᠰᠢᠶᠠᠨᠦ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠤᠰ ᠰᠢᠰᠲᠧᠮ᠎ᠦᠨ᠎ᠢᠶᠡᠨ ᠪᠠᠢᠴᠠᠭᠠᠬᠤ ᠪᠠᠷᠢᠮᠵᠢᠶ᠎ᠠ᠎ᠶᠢ ᠴᠢᠩᠭ᠎ᠠ ᠨᠠᠢᠳᠠᠪᠤᠷᠢᠵᠢᠭᠤᠯᠤᠭᠰᠠᠨ᠎ᠤ ᠰᠠᠭᠤᠷᠢᠨ ᠳᠡᠭᠡᠷ᠎ᠡ᠂ ᠣᠢᠯᠠᠭᠠᠵᠤ ᠨᠡᠪᠲᠡᠷᠡᠯᠴᠡᠵᠦ ᠬᠠᠮᠵᠢᠯᠴᠠᠨ ᠠᠵᠢᠯᠯᠠᠬᠤ᠎ᠪᠠᠨ ᠴᠢᠩᠭᠠᠳᠬᠠᠵᠤ᠂ ᠠᠳᠠᠯᠢ ᠪᠤᠰᠤ ᠰᠠᠯᠠᠭ᠎ᠠ ᠮᠥᠴᠢᠷ᠂ ᠰᠢᠰᠲᠧᠮᠤᠳᠦᠨ ᠬᠣᠭᠤᠷᠤᠨᠲᠤᠭᠢ ᠬᠣᠯᠪᠣᠭᠳᠠᠬᠤ ᠵᠦᠢᠯᠡᠰ᠎ᠦᠨ ᠪᠠᠢᠴᠠᠭᠠᠬᠤ ᠪᠠᠷᠢᠮᠵᠢᠶᠠᠨ᠎ᠤ ᠬᠠᠷᠢᠯᠴᠠᠨ ᠨᠡᠪᠲᠡᠷᠡᠯᠴᠡᠬᠦ᠂ ᠦᠷ᠎ᠡ ᠳ᠋ᠦᠩ᠎ᠢᠶᠡᠨ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ᠃ ᠠᠳᠠᠯᠢ ᠪᠤᠰᠤ ᠰᠠᠯᠠᠭ᠎ᠠ ᠮᠥᠴᠢᠷ᠎ᠤᠳ᠎ᠤᠨ ᠲᠣᠭᠲᠠᠭᠠᠭᠰᠠᠨ ᠪᠠᠢᠴᠠᠭᠠᠬᠤ ᠪᠠᠷᠢᠮᠵᠢᠶ᠎ᠠ ᠨᠢ ᠬᠠᠷᠢᠯᠴᠠᠨ ᠮᠦᠷᠭᠦᠯᠳᠦᠭᠡᠨ ᠲᠠᠢ ᠪᠠᠢᠪᠠᠯ᠂ ᠴᠠᠭ ᠲᠤᠬᠠᠢ ᠳ᠋ᠤ᠌ ᠨᠢ ᠦᠨᠡᠯᠡᠨ ᠵᠢᠱ᠌ᠢᠵᠦ ᠨᠤᠲᠠᠯᠠᠯᠲᠠ ᠬᠢᠬᠦ᠎ᠶᠢ ᠥᠷᠨᠢᠭᠦᠯᠵᠦ᠂ ᠤᠷᠢᠳ᠎ᠢᠶᠠᠷ ᠵᠥᠪᠯᠡᠯᠴᠡᠨ ᠰᠢᠢᠳᠪᠦᠷᠢᠯᠡᠬᠦ ᠠᠷᠭ᠎ᠠ᠎ᠶᠢ ᠠᠪᠴᠤ᠂ ᠰᠠᠨᠠᠯ᠎ᠢᠶᠠᠨ ᠨᠢᠭᠡᠳᠬᠡᠵᠦ ᠳᠡᠢᠯᠭᠦ ᠦᠭᠡᠢ᠎ᠶᠢ ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠨᠢᠭᠡ ᠱᠠᠲᠤᠨ᠎ᠤ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠳᠡᠪᠰᠢᠭᠦᠯᠵᠦ ᠵᠣᠬᠢᠴᠠᠭᠤᠯᠬᠤ ᠬᠡᠷᠡᠭᠲᠡᠢ᠃
https://mgl.nmg.gov.cn//113/1133/2025/8/19/ec9e0703b90331805d9a31e2e20adcad.html