3 ᠳ᠋ᠤᠭ᠋ᠠᠷ ᠰᠠᠷ᠎ᠠ ᠵᠢᠨ 11᠎ᠤ ᠡᠳᠦᠷ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠢ ᠡᠷᠭᠢᠯᠡᠪᠡ᠃
ᠬᠤᠸᠠᠩ ᡁᠢ ᠴᠢᠶᠠᠩ᠂ ᠬᠠᠪᠤᠷ᠎ᠤᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠭᠠᠮᠰᠢᠭ᠎ᠤᠨ ᠰᠢᠯᠲᠠᠭ᠋ᠠᠨ ᠤᠯᠠᠨ᠂ ᠠᠶᠤᠯ ᠲᠦᠭᠰᠢᠭᠦᠷᠢ ᠶᠡᠬᠡ᠂ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠪᠠᠢ᠌ᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠨ᠎ᠠ᠃ ᠭᠠᠯ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠣᠷᠢᠭ᠎ᠠ ᠱᠤᠭᠤᠮ᠎ᠤᠨ ᠰᠡᠳᠬᠢᠬᠦᠶ᠎ᠪᠠᠨ ᠴᠢᠩᠭ᠋ᠠᠳᠬᠠᠵᠤ᠂ ᠬᠡᠷᠡᠭ ᠶᠠᠪᠤᠳᠠᠯ᠎ᠢ ᠬᠠᠮᠢᠶᠠᠷᠬᠤ ᠬᠥᠮᠦᠨ᠎ᠲᠠᠢ᠂ ᠲᠦᠢᠮᠡᠷ᠎ᠢ ᠰᠡᠷᠭᠡᠢ᠌ᠯᠡᠬᠦ ᠬᠥᠮᠦᠨ᠎ᠲᠠᠢ᠂ ᠬᠠᠷᠢᠭᠤᠴᠠᠯᠭ᠎ᠠ ᠵᠢ ᠡᠭᠦᠷᠭᠡᠯᠡᠬᠦ ᠬᠥᠮᠦᠨ᠎ᠲᠠᠢ ᠪᠠᠢ᠌ᠬᠤ ᠵᠢ ᠪᠡᠶᠡᠯᠡᠭᠦᠯᠵᠦ᠂ 《ᠴᠠᠭ ᠢᠮᠠᠭᠲᠠ ᠰᠡᠳᠬᠢᠯ ᠠᠮᠤᠷ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ ᠵᠢ 《ᠶᠠᠪᠤᠳᠠᠯ ᠪᠦᠬᠦᠨ᠎ᠳᠤ ᠳᠣᠲᠣᠷ᠎ᠠ᠎ᠪᠠᠨ ᠲᠣᠭ᠎ᠠ᠎ᠲᠠᠢ ᠪᠠᠢ᠌ᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠶ᠃ 《ᠰᠡᠷᠭᠡᠢ᠌ᠯᠡᠬᠦ》 ᠵᠢ ᠳᠤᠪᠤᠢ᠍ᠢ᠍ᠮ᠎ᠠ ᠠᠳᠬᠤᠵᠤ ᠂ ᠢᠯᠠᠩᠭᠤᠶ᠎ᠠ ᠬᠠᠩᠰᠢ᠂ 《5.1》 ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠵᠢ ᠰᠠᠢ᠌ᠲᠤᠷ ᠠᠩᠬᠠᠷᠴᠤ᠂ ᠭᠠᠯ᠎ᠤᠨ ᠡᠬᠢ ᠵᠢ ᠬᠠᠮᠢᠶᠠᠷᠤᠨ ᠡᠵᠡᠮᠳᠡᠬᠦ 《ᠬᠠᠮ ᠠᠷᠭ᠎ᠠ ᠬᠡᠮᠵᠢᠢ᠎ᠡ》 ᠵᠢ ᠰᠠᠢ᠌ᠲᠤᠷ ᠬᠡᠷᠡᠭᠵᠢᠭᠦᠯᠵᠦ᠂ ᠠᠭᠤᠯᠠ ᠵᠢ ᠰᠠᠬᠢᠨ ᠬᠠᠮᠠᠭ᠋ᠠᠯᠠᠵᠤ᠂ ᠬᠥᠮᠦᠨ᠎ᠢ ᠰᠠᠬᠢᠨ ᠬᠠᠮᠠᠭ᠋ᠠᠯᠠᠵᠤ᠂ ᠭᠠᠯ᠎ᠢ ᠰᠠᠢ᠌ᠲᠤᠷ ᠬᠠᠮᠢᠶᠠᠷᠬᠤ ᠬᠡᠷᠡᠭᠲᠡᠢ᠃ 《ᠤᠨᠲᠠᠷᠠᠭ᠋ᠠᠬᠤ》 ᠵᠢ ᠪᠦᠬᠦ ᠬᠦᠴᠦ᠎ᠪᠠᠷ ᠵᠶ᠋ᠡᠨ ᠰᠠᠢ᠌ᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠵᠢᠭᠦᠷᠯᠡᠨ ᠰᠠᠬᠢᠬᠤ ᠵᠡᠷᠭᠡ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠵᠤ᠂ ᠬᠦᠮᠦᠨ᠎ᠤ ᠬᠦᠴᠦᠨ᠎ᠢ ᠰᠢᠨᠵᠢᠯᠡᠬᠦ ᠤᠬᠠᠭ᠋ᠠᠨᠴᠢ᠎ᠪᠠᠷ ᠪᠡᠯᠡᠳᠬᠡᠵᠦ᠂ ᠭᠠᠯ ᠤᠨᠲᠠᠷᠠᠭ᠋ᠠᠬᠤ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠰᠠᠢ᠌ᠲᠤᠷ ᠪᠠᠲᠤᠯᠠᠬᠤ ᠬᠡᠷᠡᠭᠲᠡᠢ ᠭᠡᠵᠡᠢ᠃