ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠬᠥᠯᠥᠨ ᠪᠣᠢ᠌ᠷ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠳᠤ ᠪᠥᠬᠥ ᠬᠦᠴᠦᠨ ᠵᠶ᠋ᠡᠷ ᠵᠶ᠋ᠡᠨ ᠪᠡᠯᠡᠳᠬᠡᠵᠦ ᠪᠣᠶ
ᠨᠡᠶ᠋ᠢᠲᠡᠯᠡᠭᠰᠡᠨ ᠴᠠᠭ᠄ 2024-03-15


    3 ᠳ᠋ᠤᠭ᠋ᠠᠷ ᠰᠠᠷ᠎ᠠ ᠵᠢᠨ 15᠎ᠤ ᠡᠳᠦᠷ᠂ ᠬᠦᠯᠦᠨ ᠪᠤᠢ᠌ᠷ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠬᠦ ᠬᠤᠭᠤᠴᠠᠭ᠋ᠠᠨ᠎ᠳᠤ ᠣᠷᠣᠵᠤ᠂ ᠬᠣᠲᠠ ᠵᠢᠨ ᠡᠯ᠎ᠡ ᠭᠠᠵᠠᠷ᠎ᠤᠨ᠎ᠬᠢᠨ ᠣᠯᠠᠨ ᠲᠠᠯ᠎ᠠ᠎ᠪᠠᠷ ᠬᠣᠯᠪᠣᠭ᠋ᠠᠯᠠᠨ ᠬᠥᠳᠡᠯᠦᠯᠴᠡᠵᠦ᠂ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠲᠦᠢᠮᠡᠷ᠎ᠢ ᠰᠡᠷᠭᠡᠢ᠌ᠯᠡᠬᠦ ᠬᠡᠯᠪᠡᠷᠢ ᠵᠢ ᠣᠨᠣᠪᠴᠢᠲᠠᠶ ᠰᠤᠳᠤᠯᠤᠨ ᠮᠠᠭ᠋ᠠᠳᠯᠠᠵᠤ᠂ ᠴᠠᠭ ᠢᠮᠠᠭᠲᠠ ᠲᠤᠯᠭ᠋ᠠᠮ ᠬᠠᠷᠢᠭᠤᠴᠠᠯᠭ᠋ᠠᠲᠤ ᠰᠡᠳᠬᠢᠯᠭᠡ᠎ᠪᠠᠷ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠤᠨ ᠠᠶᠤᠯ᠎ᠤᠨ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠰᠠᠨᠠᠭ᠋ᠠᠴᠢᠯᠠᠭ᠋ᠠᠲᠤ ᠳᠠᠢ᠌ᠯᠠᠯᠳᠤᠭ᠋ᠠᠨ᠎ᠢ ᠰᠠᠢ᠌ᠲᠤᠷ ᠬᠢᠪᠠ᠃
    ᠬᠣᠲᠠ ᠵᠢᠨ ᠣᠶ ᠰᠢᠭᠤᠶ ᠵᠢᠨ ᠰᠡᠷᠭᠡᠢ᠌ᠯᠡᠯᠲᠡ ᠵᠢᠨ ᠠᠯᠪᠠᠨ ᠬᠡᠷ 《ᠪᠠᠢ᠌ᠳᠠᠯ᠎ᠢ ᠡᠷᠲᠡ ᠵᠠᠳᠠᠯᠬᠤ᠂ ᠠᠵᠢᠯ᠎ᠢ ᠡᠷᠲᠡ ᠲᠥᠯᠥᠪᠯᠡᠬᠦ᠂ ᠪᠡᠯᠡᠳᠬᠡᠯ ᠲᠥᠰᠦᠯ᠎ᠢ ᠡᠷᠲᠡ ᠪᠡᠯᠡᠳᠬᠡᠬᠦ᠂ ᠲᠥᠰᠦᠯ᠎ᠢ ᠡᠷᠲᠡ ᠨᠠᠢ᠌ᠳᠠᠪᠤᠷᠢᠵᠢᠭᠤᠯᠬᠤ ᠪᠠ ᠠᠵᠢᠯᠲᠠᠨ᠎ᠢ ᠡᠷᠲᠡ ᠪᠣᠳᠠᠲᠠᠢ᠌ᠵᠢᠭᠤᠯᠬᠤ》 ᠠᠵᠢᠯ᠎ᠤᠨ ᠰᠡᠳᠬᠢᠮᠵᠢ ᠶᠣᠰᠣᠭ᠋ᠠᠷ᠂ ᠬᠣᠲᠠ ᠵᠢᠨ ᠣᠢ ᠰᠢᠭᠤᠶ ᠵᠢᠨ ᠳᠠᠷᠤᠭ᠎ᠠ ᠵᠢᠨ ᠳᠦᠷᠢᠮ ᠎ᠤᠨ ᠠᠯᠪᠠᠨ ᠭᠡᠷ᠎ᠲᠠᠢ ᠤᠶᠠᠯᠳᠤᠭᠤᠯᠤᠨ ᠣᠢ ᠰᠢᠭᠤᠶ ᠨᠤᠲᠤᠭ ᠪᠡᠯᠴᠢᠭᠡᠷ᠎ᠤᠨ ᠳᠠᠷᠤᠭ᠎ᠠ ᠵᠢᠨ ᠬᠠᠷᠢᠭᠤᠴᠠᠯᠭ᠎ᠠ ᠵᠢᠨ ᠲᠣᠭᠣᠷᠢᠭ ᠎ᠢ ᠬᠤᠪᠢᠶᠠᠷᠢᠯᠠᠨ ᠲᠣᠭᠲᠠᠭ᠋ᠠᠵᠤ᠂ ᠳᠥᠷᠪᠡᠳᠦᠭᠡᠷ ᠳᠡᠰ᠎ᠤᠨ ᠣᠢ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ ᠰᠡᠷᠭᠡᠢ᠌ᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠪᠣᠲᠠᠲᠠᠢ᠌ᠵᠢᠭᠤᠯᠪᠠ᠃ 《ᠬᠥᠯᠥᠨ ᠪᠣᠢ᠌ᠷ ᠬᠣᠲᠠ ᠵᠢᠨ ᠰᠢᠨ᠎ᠡ ᠪᠠᠢ᠌ᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠬᠤ ᠬᠡᠷᠡᠭᠵᠢᠭᠦᠯᠬᠦ ᠠᠷᠭ᠎ᠠ》 ᠵᠢᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠪᠠ ᠡᠭᠦᠷᠭᠡ ᠵᠢᠨ ᠨᠠᠷᠢᠨ ᠬᠠᠭᠤᠳᠠᠰᠤ ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠡᠯ᠎ᠡ ᠭᠠᠵᠠᠷ ᠣᠷᠣᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠭᠦᠨᠵᠡᠭᠡᠢ᠌ᠷᠡᠭᠦᠯᠦᠨ ᠠᠬᠢᠭᠤᠯᠵᠤ᠂ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ 2024 ᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠪᠠ ᠃
    ᠬᠣᠲᠠ ᠵᠢᠨ ᠣᠶ ᠰᠢᠭᠤᠶ ᠵᠢᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠰᠠᠯᠪᠤᠷᠢ ᠠᠩᠭᠢ᠎ᠨᠢ ᠬᠠᠪᠤᠷ᠎ᠤᠨ ᠤᠯᠠᠷᠢᠯ᠎ᠤᠨ ᠲᠡᠢ᠌ᠨ᠎ᠤ ᠪᠡᠯᠡᠳᠬᠡᠯ᠎ᠤᠨ ᠪᠠᠢ᠌ᠳᠠᠯ᠎ᠳᠤ ᠰᠠᠭᠤᠷᠢᠯᠠᠨ᠂ 《ᠤᠷᠢᠳᠴᠢᠯᠠᠨ ᠰᠡᠷᠭᠡᠢ᠌ᠯᠡᠬᠦ᠎ᠪᠠᠷ ᠭᠣᠤᠯ ᠪᠣᠯᠭ᠋ᠠᠵᠤ᠂ ᠢᠳᠡᠪᠬᠢᠲᠡᠶ ᠤᠰᠠᠳᠬᠠᠬᠤ》 ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠴᠢᠭᠯᠡᠯᠲᠡ ᠵᠢ ᠪᠠᠷᠢᠮᠲᠠᠯᠠᠵᠤ᠂ ᠪᠣᠷᠣᠭ᠋ᠠᠨ᠎ᠠᠴᠠ ᠡᠮᠦᠨ᠎ᠡ ᠪᠡᠯᠡᠳᠬᠡᠯ ᠬᠢᠵᠦ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠵᠢᠭᠰᠠᠭ᠋ᠠᠯ ᠵᠶ᠋ᠠᠨ ᠴᠢᠩᠳᠠᠯᠠᠵᠤ ᠬᠠᠪᠤᠷ᠎ᠤᠨ ᠤᠯᠠᠷᠢᠯ᠎ᠤᠨ ᠰᠡᠷᠭᠡᠢ᠌ᠯᠡᠯᠲᠡ᠎ᠳᠤ ᠪᠡᠯᠡᠳᠬᠡᠪᠡ᠃ 3 ᠳ᠋ᠤᠭ᠋ᠠᠷ ᠰᠠᠷ᠎ᠠ ᠵᠢᠨ 4᠎ᠤ ᠡᠳᠦᠷ᠂ ᠲᠣᠰ ᠰᠠᠯᠪᠤᠷᠢ ᠠᠩᠭᠢ 2024 ᠣᠨ᠎ᠤ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠴᠢ ᠲᠠᠩᠭ᠋ᠠᠷᠢᠭᠯᠠᠬᠤ ᠶᠡᠬᠡ ᠬᠤᠷᠠᠯ ᠬᠤᠷᠠᠯᠳᠤᠭᠤᠯᠵᠤ᠂ ᠪᠦᠬᠦ ᠬᠤᠳᠠ ᠵᠢᠨ 6 ᠬᠣᠰᠢᠭᠤ ᠬᠤᠳᠠ ᠲᠣᠭᠣᠷᠢᠭ᠂ 3 ᠤᠢ ᠰᠢᠭᠤᠢ ᠵᠢᠨ ᠲᠣᠪᠴᠢᠢ᠎ᠠ ᠵᠢ ᠰᠠᠬᠢᠵᠤ ᠪᠠᠢ᠌ᠭ᠎ᠠ ᠮᠢᠩᠭ᠎ᠠ ᠭᠠᠷᠤᠢ ᠭᠠᠯ ᠤᠨᠲᠠᠷᠠᠭ᠋ᠠᠬᠤ ᠵᠢᠯᠤᠭᠤᠳᠤᠬ᠍ᠴᠢ ᠪᠠᠢ᠌ᠯᠳᠤᠭᠴᠢ᠂ ᠲᠤᠨᠤᠭ ᠳᠦᠬᠦᠬᠡᠷᠦᠮᠵᠢ ᠵᠢ ᠲᠡᠷᠢ ᠲᠡᠭᠰᠢ ᠵᠢᠭᠰᠠᠭ᠋ᠠᠵᠤ᠂ ᠦᠪᠡᠷ᠎ᠤᠨ ᠪᠠᠢ᠌ᠭ᠎ᠠ ᠭᠠᠵᠠᠷ᠎ᠠᠴᠠ᠎ᠪᠠᠨ ᠵᠡᠷᠭᠡᠪᠡᠷ ᠲᠠᠩᠭ᠋ᠠᠷᠢᠭᠯᠠᠬᠤ ᠶᠡᠬᠡ ᠬᠤᠷᠠᠯ᠎ᠳᠤ ᠣᠷᠣᠯᠴᠠᠭᠰᠠᠨ᠎ᠨᠢ ᠰᠢᠨ᠎ᠡ ᠵᠢᠯ᠎ᠤᠨ ᠬᠠᠪᠤᠷ᠎ᠤᠨ ᠤᠯᠠᠷᠢᠯ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠵᠢᠯ ᠵᠢᠩᠬᠢᠨᠢ᠎ᠪᠠᠷ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            