ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ ᠪᠦᠬᠦ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠸᠢᠳᠢᠣ᠋ ᠲᠤᠬᠢᠷᠠᠭᠤᠯᠤᠯᠳᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-25

     3 ᠳ᠋ᠤᠭ᠋ᠠᠷ ᠰᠠᠷ᠎ᠠ ᠵᠢᠨ 20᠎ᠤ ᠡᠳᠦᠷ᠂ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ  ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ ᠪᠥᠬᠦ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ   ᠲᠤᠢ᠌ᠮᠠᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠸᠢᠳᠢᠣ᠋ ᠲᠣᠬᠢᠷᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠣᠳᠣᠬᠠᠨ᠎ᠤ ᠪᠠ ᠬᠠᠩᠰᠢ᠂ 《5.1》᠎ᠤ ᠬᠤᠭᠤᠴᠠᠭ᠋ᠠᠨ᠎ᠳᠠᠬᠢ  ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠷᠢᠯᠠᠭᠤᠯᠵᠤ᠂ ᠬᠦᠨᠳᠦ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ᠎ᠤᠨ  ᠲᠦᠢ᠍ᠮᠡᠷ᠎ᠤᠨ ᠭᠠᠮᠰᠢᠭ ᠪᠠ ᠬᠥᠮᠦᠨ ᠬᠠᠷ᠎ᠠ ᠡᠨᠳᠡᠵᠤ ᠰᠢᠷᠬᠠᠲᠤᠬᠤ ᠬᠡᠷᠡᠭ ᠡᠭᠦᠰᠬᠦ ᠵᠢ ᠴᠢᠩᠭ᠎ᠠ ᠰᠡᠷᠭᠡᠶ᠋ᠢᠯᠡᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠬᠤ ᠬᠡᠷᠡᠭᠲᠡᠢ ᠭᠡᠵᠡᠢ᠃

      ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠤ ᠰᠠᠶ᠋ᠢᠳ᠂ ᠤᠯᠤᠰ᠎ᠤᠨ ᠣᠶ ᠰᠢᠭᠤᠶ ᠵᠢᠨ ᠰᠡᠷᠭᠡᠶ᠋ᠢᠯᠡᠯᠲᠡ ᠵᠢᠨ ᠵᠢᠯᠣᠭᠤᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠤᠳᠣᠭᠴᠢ ᠸᠠᠩ ᠰᠢᠶᠠᠩ ᠰᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ᠎ᠠᠴᠠ ᠵᠢᠭ᠋ᠠᠵᠤ ᠭᠠᠷᠭ᠋ᠠᠭ᠌ᠰᠠᠨ᠎ᠨᠢ᠂ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠪᠤᠳᠤᠯ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠡᠨᠡ ᠵᠢᠯ᠎ᠠᠴᠠ ᠨᠠᠭ᠋ᠠᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠲᠠᠯ᠎ᠠ ᠵᠢᠨ᠎ᠬᠢᠨ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠵᠦ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠂ ᠰᠠᠭᠤᠷᠢ ᠲᠥᠬᠦᠭᠡᠷᠦᠮᠵᠢ ᠪᠠ ᠠᠪᠤᠷᠠᠨ ᠲᠤᠰᠠᠯᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠦᠨᠳᠦ ᠶᠡᠭᠡ ᠎ᠤᠨ ᠪᠠᠶ᠋ᠢᠳᠠᠯ᠎ᠢ ᠬᠠᠮᠵᠢᠯᠴᠠᠨ ᠥᠨᠳᠥᠷ ᠪᠦᠲᠦᠮᠵᠢᠲᠡᠶ᠎ᠪᠠᠷ ᠠᠷᠭ᠋ᠠᠴᠠᠭ᠋ᠠᠨ ᠰᠢᠢ᠍ᠳᠪᠦᠷᠢᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ  ᠲᠤᠢ᠌ᠮᠠᠷ᠎ᠢ   ᠲᠤᠢ᠌ᠮᠠᠷ ᠰᠡᠷᠭᠡᠶ᠋ᠢᠯᠡᠨ ᠤᠨᠲᠠᠷᠠᠭ᠋ᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠡᠭᠦᠨ᠎ᠤ ᠬᠠᠮᠲᠤ᠂ ᠣᠳᠣᠬᠠᠨ᠎ᠳᠤ ᠪᠠᠷᠠᠭᠤᠨ ᠡᠮᠦᠨᠡᠲᠦ ᠣᠷᠣᠨ ᠦᠷᠭᠦᠯᠵᠢᠯᠡᠨ ᠭᠠᠩᠳᠠᠵᠤ᠂ ᠤᠮᠠᠷᠠᠲᠤ ᠣᠷᠣᠨ ᠬᠠᠯᠠᠭᠤᠨ᠂ ᠪᠣᠷᠣᠭ᠋ᠠᠨ ᠪᠠᠭ᠎ᠠ᠂ ᠵᠠᠷᠢᠮ ᠭᠠᠵᠠᠷ ᠣᠷᠣᠨ᠎ᠤ ᠭᠠᠯ᠎ᠤᠨ ᠠᠶᠤᠯ᠎ᠤᠨ ᠳᠡᠰ ᠥᠨᠳᠥᠷ ᠪᠠᠶ᠋ᠢᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠪᠠᠶ᠋ᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶ᠋ᠢᠬᠤ ᠵᠢ ᠰᠡᠷᠭᠡᠭ ᠵᠶ᠋ᠠᠷ ᠣᠯᠵᠤ ᠦᠵᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠬᠤᠷᠢᠭ᠎ᠠ ᠱᠤᠭᠤᠮ᠎ᠤᠨ ᠰᠡᠳᠬᠢᠬᠦᠶ᠂ ᠲᠤᠶ᠋ᠢᠯᠰᠢᠷᠠᠯ᠎ᠤᠨ ᠰᠡᠳᠬᠢᠬᠦᠶ ᠵᠢ ᠪᠠᠷᠢᠮᠲᠠᠯᠠᠵᠤ᠂ 《ᠴᠠᠭ ᠢᠮᠠᠭᠲᠠ ᠰᠡᠳᠬᠢᠯ ᠠᠮᠤᠷ ᠦᠬᠡᠢ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠣᠷᠢᠭ ᠰᠠᠨᠠᠭ᠎ᠠ᠎ᠪᠠᠷ᠂ ᠨᠠᠩ ᠡᠷᠡᠰ ᠰᠢᠭᠤᠷᠬᠠᠶ ᠪᠠ ᠨᠠᠩ ᠪᠣᠳᠠᠲᠠᠶ ᠵᠢ ᠡᠷᠬᠢᠮᠯᠡᠭᠰᠡᠨ ᠲᠤᠰᠠᠲᠠᠶ ᠠᠷᠭ᠎ᠠ ᠬᠡᠮᠵᠢᠶ᠎ᠡ ᠠᠪᠴᠤ᠂ ᠣᠶ ᠰᠢᠭᠤᠶ ᠨᠤᠲᠤᠭ ᠪᠡᠯᠴᠢᠭᠡᠷ᠎ᠤᠨ  ᠲᠤᠢ᠌ᠮᠠᠷ᠎ᠢ ᠰᠡᠷᠭᠡᠶ᠋ᠢᠯᠡᠨ ᠤᠨᠲᠠᠷᠠᠭ᠋ᠠᠬᠤ ᠡᠯ᠎ᠡ   ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃

      ᠬᠤᠷᠠᠯ᠎ᠠᠴᠠ ᠴᠢᠬᠤᠯᠠᠴᠢᠯᠠᠭ᠌ᠰᠠᠨ᠎ᠨᠢ᠂ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠠᠮᠤᠷ ᠲᠦᠪᠰᠢᠨ ᠥᠨᠳᠥᠷ ᠪᠦᠲᠦᠮᠵᠢᠲᠡᠢ᠎ᠪᠠᠷ ᠰᠢᠢ᠍ᠳᠪᠦᠷᠢᠯᠡᠬᠦ ᠬᠡᠷᠡᠭᠲᠡᠢ᠃ ᠴᠢᠬᠤᠯᠠ ᠴᠠᠭ ᠬᠤᠭᠤᠴᠠᠭ᠎ᠠ᠂ ᠭᠠᠯ᠎ᠤᠨ ᠠᠶᠤᠯ ᠶᠡᠬᠡᠲᠡᠢ ᠣᠷᠣᠨ ᠪᠦᠰᠡ ᠪᠠ ᠴᠢᠬᠤᠯᠠ ᠬᠠᠷᠠᠯᠲᠠ ᠵᠢ ᠴᠢᠩᠭ᠎ᠠ ᠠᠩᠬᠠᠷᠴᠤ᠂ ᠬᠦᠨᠳᠦ ᠶᠡᠭᠡ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠦᠷᠭᠦᠯᠵᠢᠯᠡᠨ ᠰᠤᠳᠤᠯᠤᠨ ᠮᠠᠭ᠋ᠠᠳᠯᠠᠬᠤ ᠠᠵᠢᠯ᠎ᠢ ᠵᠣᠬᠢᠶᠠᠨ ᠪᠠᠶ᠋ᠢᠭᠤᠯᠵᠤ᠂ ᠨᠠᠷᠢᠯᠢᠭ ᠣᠨᠣᠴᠠᠲᠠᠢ᠎ᠪᠠᠷ ᠤᠷᠢᠳᠴᠢᠯᠠᠨ ᠰᠡᠷᠡᠮᠵᠢᠯᠡᠭᠦᠯᠬᠦ ᠪᠠ ᠣᠬᠤᠷᠬᠠᠨ ᠬᠤᠭᠤᠴᠠᠭ᠋ᠠᠨ᠎ᠳᠤ ᠲᠦᠷᠭᠡᠨ ᠮᠡᠳᠡᠭᠦᠯᠬᠦ ᠠᠵᠢᠯ᠎ᠢ ᠴᠢᠩᠭ᠋ᠠᠳᠬᠠᠨ᠎ᠠ᠃ ᠬᠡᠲᠦᠷᠡᠮᠡᠬᠡᠶ ᠪᠠᠶ᠋ᠢᠳᠠᠯ᠎ᠳᠤ ᠰᠠᠭᠤᠷᠢᠯᠠᠨ ᠬᠦᠴᠦᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ᠂ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡ᠂ ᠪᠠᠴᠢᠮ ᠪᠠᠶ᠋ᠢᠳᠠᠯ᠎ᠢ ᠠᠷᠭ᠋ᠠᠴᠠᠬᠤ ᠠᠭ᠋ᠠᠷ᠎ᠤᠨ ᠠᠪᠤᠷᠠᠨ ᠲᠤᠰᠠᠯᠠᠬᠤ ᠬᠦᠴᠦᠨ ᠪᠠ ᠣᠷᠣᠨ ᠨᠤᠲᠤᠭ᠎ᠤᠨ ᠲᠤᠰᠬᠠᠶ ᠭᠠᠯ ᠤᠨᠲᠠᠷᠠᠭ᠋ᠠᠬᠤ ᠠᠩᠭᠢ ᠵᠢᠨ ᠭᠤᠷᠪᠠᠨ ᠰᠠᠯᠠᠭ᠎ᠠ ᠬᠦᠴᠦᠨ᠎ᠤ ᠲᠤᠰᠬᠠᠶ ᠮᠡᠷᠭᠡᠵᠢᠯ᠎ᠤᠨ ᠳᠠᠪᠠᠭᠤᠯᠢᠭ᠎ᠢ  ᠭᠦᠢ᠍ᠴᠡᠳ ᠪᠠᠳᠠᠷᠠᠭᠤᠯᠵᠤ᠂ ᠠᠪᠤᠷᠠᠨ ᠲᠤᠰᠠᠯᠠᠬᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠂ ᠡᠯ᠎ᠡ ᠲᠥᠷᠥᠯ᠎ᠤᠨ ᠬᠦᠴᠦᠨ᠎ᠢ ᠨᠢᠭᠡᠳᠦᠯᠲᠡᠶ ᠲᠥᠯᠥᠪᠯᠡᠵᠦ ᠪᠠᠶ᠋ᠢᠭ᠋ᠠᠳ ᠭᠠᠯ᠎ᠤᠨ ᠠᠶᠤᠯ ᠶᠡᠬᠡᠲᠡᠶ ᠭᠠᠵᠠᠷ ᠣᠷᠣᠨ ᠳᠠᠰᠢ ᠪᠠᠶ᠋ᠢᠷᠢᠯᠠᠭᠤᠯᠤᠨ᠂ ᠲᠤᠶ᠋ᠢᠯ᠎ᠤᠨ ᠣᠨᠣᠪᠴᠢᠲᠠᠶ᠎ᠪᠠᠷ ᠤᠷᠢᠳᠴᠢᠯᠠᠭᠤᠯᠵᠤ᠂ ᠴᠢᠭᠯᠡᠭᠦᠯᠬᠦ ᠴᠢᠨᠠᠷᠲᠠᠶ᠂ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠰᠣᠷᠢᠯᠲᠠ ᠵᠢ ᠴᠢᠩᠭ᠋ᠠᠳᠬᠠᠨ᠂ ᠭᠠᠯ᠎ᠤᠨ ᠠᠶᠤᠯ ᠭᠠᠷᠤᠭᠰᠠᠨ᠎ᠤ ᠳᠠᠷᠠᠭ᠎ᠠ ᠬᠠᠮᠤᠭ᠎ᠤᠨ ᠣᠶ᠋ᠢᠷ᠎ᠠ᠂ ᠬᠠᠮᠤᠭ᠎ᠤᠨ ᠲᠦᠷᠭᠡᠨ᠂ ᠬᠠᠮᠤᠭ᠎ᠤᠨ ᠬᠦᠴᠦᠷᠬᠡᠭ᠂ ᠬᠠᠮᠤᠭ᠎ᠤᠨ ᠭᠦᠢ᠍ᠴᠡᠳ ᠬᠦᠴᠦᠨ᠎ᠢ ᠰᠢᠯᠵᠢᠭᠦᠯᠦᠨ ᠴᠤᠭᠯᠠᠭᠤᠯᠵᠤ ᠭᠠᠯ ᠤᠨᠲᠠᠷᠠᠭ᠋ᠠᠬᠤ᠎ᠳᠤ ᠣᠷᠣᠯᠴᠠᠭᠤᠯᠬᠤ ᠵᠢ ᠦᠨᠡᠨᠬᠦ ᠪᠠᠳᠤᠯᠠᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            