ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-05-13

    5 ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 4 ᠰᠠᠷ᠎ᠠ ᠵᠢᠨ 25᠎ᠤ ᠡᠳᠦᠷ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠎ᠪᠠᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃ ᠲᠤᠯᠭ᠋ᠠᠮ ᠪᠤᠳᠤᠯ ᠵᠶ᠋ᠠᠨ ᠴᠢᠩᠭ᠋ᠠᠳᠬᠠᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠴᠥᠮ ᠦᠨᠡᠨ ᠪᠣᠳᠠᠲᠠᠢ ᠬᠥᠳᠡᠯᠦᠯᠴᠡᠵᠦ᠂ ᠠᠵᠢᠯᠯᠠᠵᠤ᠂ ᠨᠢᠭᠡᠨᠲᠡ ᠲᠣᠭᠲᠠᠭᠰᠠᠨ ᠪᠠᠢ᠌ᠷᠢᠯᠠᠭᠤᠯᠤᠯᠲᠠ ᠵᠢ ᠪᠠᠲᠤ ᠡᠵᠡᠮᠳᠡᠵᠦ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠰᠡᠷᠭᠡᠭ ᠴᠢᠨᠠᠷ ᠵᠶ᠋ᠠᠨ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠭᠦᠨᠵᠡᠭᠡᠢ᠌ᠷᠡᠭᠦᠯᠦᠨ ᠬᠡᠷᠡᠭᠵᠢᠭᠦᠯᠬᠦ᠎ᠪᠠᠷ ᠵᠢᠯᠣᠭᠣᠳᠤᠮᠵᠢ ᠪᠤᠯᠭ᠋ᠠᠵᠤ᠂ ᠤᠯᠤᠰ᠎ᠤᠨ ᠰᠢᠨ᠎ᠡ᠎ᠪᠠᠷ ᠲᠣᠭᠲᠠᠭ᠋ᠠᠭᠰᠠᠨ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠴᠠᠭ ᠲᠤᠬᠠᠢ᠎ᠳᠤᠨᠢ ᠮᠥᠷᠳᠡᠨ ᠰᠤᠳᠤᠯᠵᠤ᠂ ᠵᠣᠷᠢᠭ ᠰᠠᠨᠠᠭ᠎ᠠ ᠵᠢ ᠨᠡᠪᠲᠡᠷᠬᠡᠢ ᠣᠢ᠌ᠯᠠᠭ᠋ᠠᠵᠤ᠂ ᠠᠵᠠ ᠲᠣᠭᠢᠶᠠᠯ᠎ᠢ ᠡᠵᠡᠮᠳᠡᠵᠦ᠂ ᠲᠦᠷᠦ ᠵᠢᠨ ᠪᠣᠳᠣᠯᠭ᠎ᠠ ᠵᠢ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠬᠦᠴᠦᠯᠡᠨ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠦᠷᠭᠦᠯᠵᠢᠯᠡᠨ ᠬᠦᠴᠦᠯᠡᠵᠦ ᠪᠠᠢ᠌ᠭ᠋ᠠᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠬᠦ ᠦᠷ᠎ᠡ ᠠᠰᠢᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠬᠡᠰᠡᠭ ᠮᠤᠵᠢ ᠣᠷᠣᠨ ᠬᠤᠲᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢ ᠪᠦᠭᠦ ᠤᠯᠤᠰ᠎ᠤᠨ ᠶᠡᠬᠡ ᠲᠠᠯ᠎ᠠ᠎ᠳᠤ ᠲᠠᠯᠪᠢᠵᠤ᠂ ᠲᠤᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ᠎ᠲᠠᠭᠠᠨ ᠰᠠᠭᠤᠷᠢᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠤᠬᠠᠭ᠋ᠠᠯᠠᠨ ᠲᠥᠯᠥᠪᠯᠡᠬᠦ ᠬᠡᠷᠡᠭᠲᠡᠢ᠃ ᠲᠦᠷᠦᠯ ᠵᠦᠢ᠍ᠯ ᠵᠶ᠋ᠠᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠴᠢᠬᠤᠯᠠ ᠶᠡᠬᠡ ᠲᠦᠷᠦᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠤᠯᠠᠨ ᠪᠦᠭᠦ ᠲᠠᠯ᠎ᠠ ᠵᠢᠨ ᠴᠢᠨᠠᠷᠲᠠᠢ ᠲᠦᠷᠦᠯ ᠵᠦᠢ᠍ᠯ᠎ᠢ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠢ᠃ ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠪᠠᠭᠤᠷᠠᠢ ᠲᠠᠯ᠎ᠠ᠎ᠪᠠᠨ ᠲᠡᠪᠴᠢᠵᠦ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠠᠭ᠋ᠠᠷ᠎ᠤᠨ ᠦᠢ᠍ᠯᠡᠰ᠎ᠤᠨ ᠠᠵᠤ ᠠᠬᠤᠢ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂ ᠴᠥᠮ᠎ᠡ ᠵᠢᠨ ᠡᠨᠧᠷᠭᠢ᠂ ᠪᠣᠳᠣᠯᠲᠠ ᠵᠢᠨ ᠴᠢᠳᠠᠪᠤᠷᠢ᠂ ᠳᠠᠬᠢᠯᠲᠠ ᠡᠬᠢ ᠪᠠᠶᠠᠯᠢᠭ᠎ᠤᠨ ᠠᠰᠢᠭᠯᠠᠯᠲᠠ ᠵᠡᠷᠭᠡ ᠠᠵᠤ ᠦᠢ᠍ᠯᠡᠰ᠎ᠢ ᠱᠠᠯᠠᠪᠳᠠᠨ ᠲᠥᠯᠥᠪᠵᠢᠭᠦᠯᠦᠨ ᠪᠠᠢ᠌ᠷᠢᠰᠢᠭᠤᠯᠬᠤ ᠬᠡᠷᠡᠭᠲᠡᠢ᠃ ᠠᠷᠠᠳ ᠲᠦᠮᠡᠨ᠎ᠳᠤ ᠪᠤᠶᠠᠨ ᠦᠢ᠍ᠯᠡᠳᠬᠦ᠎ᠪᠠᠷ ᠦᠨᠳᠦᠰᠦᠨ ᠦᠷᠳᠡᠭ᠎ᠤᠨ ᠬᠠᠨᠳᠤᠰᠢ ᠪᠤᠯᠭ᠋ᠠᠵᠤ᠂ ᠠᠷᠠᠳ᠎ᠤᠨ ᠠᠮᠢᠳᠤᠷᠠᠯ᠎ᠤᠨ ᠨᠡᠩ ᠤᠯᠠᠨ ᠪᠣᠳᠠᠲᠤ ᠶᠠᠪᠤᠳᠠᠯ᠎ᠢ ᠤᠬᠠᠭ᠋ᠠᠯᠠᠨ ᠲᠥᠯᠥᠪᠯᠡᠵᠦ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠳᠬᠤᠬᠤ ᠡᠭᠦᠷᠭᠡᠲᠦ ᠪᠤᠳᠤᠯ ᠵᠶ᠋ᠠᠨ ᠴᠢᠩᠭ᠋ᠠᠳᠬᠠᠵᠤ᠂ ᠲᠦᠷᠦ ᠵᠢᠨ ᠪᠣᠳᠣᠯᠭ᠎ᠠ᠂ ᠪᠡᠯᠡ ᠮᠥᠩᠭᠥ᠂ ᠲᠦᠷᠦᠯ ᠵᠦᠢ᠍ᠯ᠂ ᠲᠠᠪᠴᠠᠩ ᠵᠡᠷᠭᠡ ᠡᠯᠧᠮᠧᠨ᠋ᠲ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠢᠵᠠᠭ᠋ᠠᠷᠯᠠᠵᠤ ᠪᠠᠢ᠌ᠭ᠎ᠠ ᠲᠦᠭᠵᠢᠷᠡᠯ ᠬᠣᠷᠢᠭ᠎ᠠ ᠴᠡᠭ᠎ᠢ ᠲᠦᠷᠭᠡᠨ ᠰᠢᠢ᠍ᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠠᠨᠳᠤᠭᠰᠠᠨ ᠵᠦᠭ᠎ᠲᠤ ᠳᠠᠭ᠋ᠠᠷᠢᠯᠲᠠ ᠬᠢᠵᠦ ᠪᠤᠯᠬᠤ ᠦᠭᠡᠢ ᠪᠥᠭᠡᠳ ᠪᠠᠰᠠ ᠶᠠᠭᠤ ᠴᠤ᠌ ᠬᠢᠬᠦ ᠦᠭᠡᠢ ᠪᠠᠢ᠌ᠵᠤ ᠪᠤᠯᠬᠤ ᠦᠭᠡᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠰᠢᠭᠤᠷᠠᠯ᠎ᠢ ᠮᠥᠷᠳᠡᠵᠦ᠂ ᠬᠦᠴᠦᠯᠡᠬᠦ ᠴᠡᠭ ᠵᠶ᠋ᠠᠨ ᠣᠨᠣᠪᠴᠢᠲᠠᠢ ᠣᠯᠵᠤ᠂ ᠴᠠᠭᠢᠯᠭ᠋ᠠᠨ ᠬᠦᠴᠦ᠂ ᠬᠣᠪᠣᠷ ᠰᠢᠷᠣᠢ ᠵᠡᠷᠭᠡ ᠴᠢᠬᠤᠯᠠ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠦᠷᠭᠦᠯᠵᠢᠯᠡᠨ ᠪᠣᠭᠣᠮᠲᠠ ᠰᠢᠪᠲᠤᠯᠵᠤ᠂ ᠨᠡᠩ ᠤᠯᠠᠨ ᠲᠠᠯ᠎ᠠ᠎ᠪᠠᠷ 《ᠡᠬᠢᠯᠡᠮᠡᠭᠴᠡ ᠲᠦᠷᠦᠭᠦᠯᠡᠬᠦ》 ᠵᠢ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠵᠠᠩᠭᠢᠯᠠᠭ᠎ᠠ ᠵᠢᠨ ᠪᠠᠴᠢᠮ ᠬᠡᠷᠡᠭᠴᠡᠭᠡᠨ᠎ᠤ ᠬᠦᠷᠢᠶ᠎ᠡ᠎ᠳᠤ ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠵᠢ ᠬᠥᠭᠵᠢᠭᠦᠯᠵᠦ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠤᠷᠢᠲᠠᠯ ᠳᠣᠣᠷ᠎ᠠ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠢ ᠡᠨᠧᠷᠭᠢ᠂ ᠠᠭᠤᠷᠬᠠᠢ ᠮᠠᠯᠲᠠᠬᠤ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠤ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠬᠦ ᠬᠡᠷᠡᠭᠲᠡᠢ᠃ ᠪᠣᠬᠢᠷᠳᠤᠯ ᠦᠭᠡᠢ ᠴᠠᠭᠢᠯᠭ᠋ᠠᠨ᠎ᠤ ᠳᠠᠪᠠᠭᠤᠯᠢᠭ᠎ᠲᠤ ᠲᠦᠰᠢᠭᠯᠡᠵᠦ᠂ 《ᠪᠡᠭᠡᠵᠢᠩ᠎ᠤᠨ ᠳ᠋ᠠᠢ᠌ᠲ᠋ᠠ ᠵᠢ ᠥᠪᠥᠷ ᠮᠣᠩᠭᠣᠯ᠎ᠳᠤ ᠪᠤᠳᠤᠬᠤ》 ᠵᠡᠷᠭᠡ ᠪᠣᠳᠣᠯᠲᠠ ᠵᠢᠨ ᠴᠢᠳᠠᠪᠤᠷᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠲᠣᠭ᠎ᠠ ᠪᠠᠷᠢᠮᠲᠠ ᠵᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠯᠢᠶᠣᠤᠨᠢᠩ᠎ᠤᠨ ᠯᠢᠶᠤᠤᠶᠠᠩ ᠬᠤᠳᠠ ᠵᠢᠨ ᠪᠠᠶ᠋ᠢᠲ᠋ᠠ ᠲᠣᠭᠣᠷᠢᠭ᠎ᠤᠨ ᠨᠢᠭᠡᠨ ᠬᠣᠭᠣᠯᠠᠨ ᠭᠡᠷ᠎ᠤᠨ ᠭᠠᠯ᠎ᠤᠨ ᠭᠠᠮᠰᠢᠭ᠎ᠤᠨ ᠠᠳᠡᠯ ᠪᠣᠯᠣᠨ ᠭᠦᠢ᠍ᠵᠧᠦ ᠵᠢᠨ ᠪᠢ ᠵᠢᠶᠧ ᠬᠤᠳᠠ ᠵᠢᠨ ᠴᠢᠶᠠᠨ ᠰᠢ ᠬᠤᠳᠠ ᠵᠢᠨ ᠨᠢᠭᠡᠨ ᠦᠵᠡᠮᠵᠢ ᠵᠢᠨ ᠣᠷᠣᠨ᠎ᠳᠤ ᠵᠢᠭᠤᠯᠴᠢᠯᠠᠯ᠎ᠤᠨ ᠣᠩᠭᠣᠴᠠ ᠬᠥᠷᠪᠡᠭᠰᠡᠨ ᠠᠳᠡᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ ᠬᠠᠷᠢᠭᠤᠴᠠᠯᠭ᠋ᠠᠲᠤ ᠰᠡᠳᠬᠢᠯᠭᠡ᠎ᠪᠠᠷ ᠠᠶᠤᠯᠭᠦᠢ ᠦᠢ᠍ᠯᠡᠳᠪᠦᠷᠢᠯᠡᠯ᠎ᠢ ᠰᠠᠢ᠌ᠲᠤᠷ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ᠃ 《ᠭᠤᠷᠪᠠ ᠵᠢ ᠬᠠᠮᠢᠶᠠᠷᠬᠤ᠎ᠳᠤ ᠭᠤᠷᠪᠠᠨ ᠡᠷᠬᠡᠪᠰᠢ ᠵᠢ ᠭᠦᠢ᠍ᠴᠡᠳᠬᠡᠬᠦ》 ᠪᠠ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠨᠠᠩ ᠴᠢᠬᠤᠯᠠᠴᠢᠯᠠᠵᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠴᠠᠭ ᠲᠤᠬᠠᠢ᠎ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠨ ᠰᠤᠷᠤᠯᠴᠠᠵᠤ᠂ ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠭᠦᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠪᠦᠭᠦ ᠣᠷᠣᠨ᠎ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠢ ᠳᠠᠶ᠋ᠢᠴᠢᠯᠠᠨ ᠵᠣᠷᠢᠭᠵᠢᠭᠤᠯᠵᠤ ᠪᠠᠢ᠌ᠭ᠋ᠠᠳ ᠡᠵᠡᠨ ᠬᠥᠮᠥᠨ᠎ᠤ ᠤᠬᠠᠮᠰᠠᠷ᠎ᠢ᠎ᠨᠢ ᠴᠢᠩᠭ᠋ᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠭᠠᠯ ᠬᠠᠯᠠᠭᠤᠨ ᠦᠢ᠍ᠯᠡᠳᠦᠯᠭᠡ ᠵᠢᠨ ᠳᠤᠮᠳᠠ ᠭᠠᠪᠢᠶ᠎ᠠ ᠪᠠᠢ᠌ᠭᠤᠯᠵᠤ ᠦᠢ᠍ᠯᠡᠰ ᠪᠦᠲᠦᠭᠡᠨ᠂ ᠴᠤᠭ ᠵᠢᠪᠬᠤᠭ᠎ᠠ ᠵᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠬᠣᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠪᠠᠷᠠᠭᠤᠨ ᠣᠷᠣᠨ᠎ᠤ ᠲᠥᠯᠥᠪᠯᠡᠭᠡ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯ ᠪᠣᠯᠣᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠤᠨ ᠠᠵᠢᠯ᠎ᠢ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
    ᠬᠤᠷᠠᠯ᠎ᠠᠴᠠ ᠪᠦᠭᠦ ᠤᠯᠤᠰ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠡᠯ᠎ᠡ ᠱᠠᠲᠤᠨ᠎ᠤ ᠠᠯᠪᠠᠨ ᠲᠢᠩᠬᠢᠮ (ᠭᠡᠷ)᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠯᠪᠠᠨ ᠲᠢᠩᠬᠢᠮ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠪᠠᠲᠤ ᠦᠢ᠍ᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂ ᠰᠤᠷᠲᠠᠯ ᠵᠶ᠋ᠠᠨ ᠰᠠᠢ᠌ᠵᠢᠷᠠᠭᠤᠯᠬᠤ᠂ ᠶᠣᠰᠣ ᠳᠦᠷᠢᠮ ᠲᠣᠭᠲᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠲᠦᠷᠦᠭᠦᠯᠡᠨ ᠬᠢᠵᠦ᠂ ᠴᠢᠨᠠᠷ ᠰᠠᠢ᠌ᠲᠠᠢ᠎ᠪᠠᠷ ᠠᠵᠢᠯᠯᠠᠭ᠋ᠠᠨ᠎ᠢ ᠪᠠᠲᠤᠯᠠᠬᠤ᠂ ᠵᠣᠬᠢᠴᠠᠭᠤᠯᠭ᠎ᠠ ᠵᠢ ᠠᠳᠬᠤᠬᠤ᠂ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠰᠠᠢ᠌ᠨ ᠵᠥᠪᠯᠡᠭᠴᠢ ᠲᠤᠰᠠᠯᠠᠭᠴᠢ ᠪᠣᠯᠵᠤ᠂ ᠨᠠᠮ᠎ᠢ ᠰᠠᠨᠠᠭ᠎ᠠ ᠠᠮᠤᠷ᠂ ᠠᠷᠠᠳ ᠲᠦᠮᠡᠨ᠎ᠢ ᠰᠡᠳᠬᠢᠯ ᠬᠠᠨᠤᠮᠵᠢᠲᠠᠶ ᠪᠠᠢ᠌ᠯᠭ᠋ᠠᠬᠤ ᠵᠢᠱ᠌ᠢᠶᠡᠴᠢ ᠪᠠᠢ᠌ᠭᠤᠯᠭ᠎ᠠ ᠵᠢ ᠴᠢᠷᠮᠠᠢ᠌ᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            