ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠪᠣᠯᠤᠨ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠬᠠᠮᠵᠢᠯᠴᠠᠨ ᠬᠥᠳᠡᠯᠦᠯᠴᠡᠵᠦ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠠᠪᠴᠤ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2025-05-15

    5 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠭᠤᠤ ᠷᠦᠨ ᠰᠢ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠣ ᠯᠢ ᠮᠢᠩ ᠨᠡᠷ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃

111111111111111111111111.png


     ᠭᠤᠤ ᠷᠦᠨ ᠰᠢ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠢᠨ 《ᠪᠥᠬᠥ ᠭᠠᠮᠰᠢᠭ᠎ᠤᠨ ᠲᠥᠷᠥᠯ  ᠵᠦᠢ᠍ᠯ᠂ ᠪᠠᠴᠢᠮ ᠪᠠᠶ᠋ᠢᠳᠠᠯ᠎ᠢ ᠠᠷᠭ᠋ᠠᠴᠠᠬᠤ》 ᠰᠢᠰᠲ᠋ᠧᠮᠵᠢ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠭᠰᠠᠨ ᠠᠵᠢᠯ᠎ᠤᠨ ᠦᠷ᠎ᠡ ᠪᠦᠲᠦᠮᠵᠢ ᠵᠢ ᠨᠤᠲᠠᠯᠠᠵᠤ ᠪᠠᠶ᠋ᠢᠬᠤ᠎ᠪᠠᠨ ᠢᠯᠡᠳᠬᠡᠵᠦ᠂ ᠣᠷᠳᠣ ᠬᠤᠭᠤᠴᠠᠭ᠋ᠠᠨ᠎ᠤ ᠲᠤᠷᠰᠢ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠢ ᠳᠡᠮᠵᠢᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠪᠠᠴᠢᠮ ᠪᠠᠶ᠋ᠢᠳᠠᠯ᠎ᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠪᠣᠯᠤᠨ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠬᠠᠮᠵᠢᠯᠴᠠᠨ ᠬᠥᠳᠡᠯᠦᠯᠴᠡᠵᠦ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠠᠪᠴᠤ  ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠴᠢᠩᠭ᠋ᠠᠳᠬᠠᠪᠠ᠃ ᠬᠠᠮᠢᠶᠠᠷᠤᠯᠲᠠ ᠪᠣᠯᠤᠨ ᠴᠠᠭ ᠠᠭᠤᠷ᠎ᠤᠨ ᠠᠵᠢᠯ ᠰᠠᠯᠵᠤ ᠪᠣᠯᠤᠰᠢ ᠦᠭᠡᠢ ᠨᠢᠭᠲᠠ ᠬᠣᠯᠪᠣᠭ᠎ᠠ᠎ᠲᠠᠢ ᠶᠤᠮ᠂ ᠤᠢ᠍ᠢ᠍ᠷ᠎ᠠ ᠵᠢᠨ ᠵᠢᠯ᠎ᠠᠴᠠ᠂ ᠬᠣᠶᠠᠷ ᠰᠠᠯᠠᠭ᠎ᠠ ᠮᠥᠴᠢᠷ ᠴᠠᠭ ᠠᠭᠤᠷ᠎ᠤᠨ ᠵᠥᠪᠳᠡᠯᠴᠡᠭᠡ ᠰᠤᠳᠤᠯᠤᠨ ᠮᠠᠭ᠋ᠠᠳᠯᠠᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ᠂ ᠪᠠᠴᠢᠮ ᠪᠠᠶ᠋ᠢᠳᠠᠯ᠎ᠢ  ᠠᠷᠭ᠋ᠠᠴᠠᠬᠤ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠨᠡᠩ ᠭᠦᠨᠵᠡᠭᠡᠶ᠋ᠢᠷᠡᠵᠦ᠂ ᠵᠥᠪᠳᠡᠯᠴᠡᠭᠡ ᠰᠤᠳᠤᠯᠤᠨ ᠮᠠᠭ᠋ᠠᠳᠯᠠᠯᠲᠠ ᠨᠡᠩ ᠣᠨᠣᠴᠠᠲᠠᠢ᠂ ᠪᠠᠴᠢᠮ ᠪᠠᠶ᠋ᠢᠳᠠᠯ᠎ᠢ  ᠠᠷᠭ᠋ᠠᠴᠠᠬᠤ ᠬᠣᠯᠪᠣᠭ᠋ᠠᠯᠠᠨ ᠬᠥᠳᠡᠯᠦᠯᠴᠡᠬᠦ   ᠠᠵᠢᠯ ᠨᠡᠩ ᠪᠦᠲᠦᠮᠵᠢᠲᠡᠢ᠂ ᠠᠷᠭ᠋ᠠᠴᠠᠬᠤ ᠦᠷ᠎ᠡ ᠪᠦᠲᠦᠭᠡᠯ ᠨᠡᠩ ᠡᠯᠪᠡᠭ ᠪᠠᠶᠠᠯᠢᠭ ᠪᠣᠯᠵᠠᠢ᠃ ᠥᠪᠥᠷ ᠮᠣᠩᠭᠣᠯ᠎ᠤᠨ ᠴᠠᠭ ᠠᠭᠤᠷ᠎ᠤᠨ  ᠲᠣᠪᠴᠢᠶ᠎ᠠ ᠮᠡᠷᠭᠡᠵᠢᠯ᠎ᠤᠨ ᠲᠤᠯᠭ᠋ᠠᠭᠤᠷᠢᠯᠠᠯ᠎ᠤᠨ ᠳᠠᠪᠠᠭᠤᠯᠢᠭ ᠵᠶ᠋ᠠᠨ ᠤᠯᠠᠮ ᠴᠢᠨᠠᠭᠰᠢᠳᠠ ᠪᠠᠳᠠᠷᠠᠭᠤᠯᠵᠤ᠂ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠴᠠᠭ ᠠᠭᠤᠷ᠎ᠤᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠣᠯᠤᠨ ᠲᠤᠰᠠᠯᠠᠬᠤ ᠰᠢᠢ᠍ᠳᠪᠦᠷᠢᠲᠦ ᠪᠤᠳᠤᠯᠭ᠎ᠠ ᠵᠢᠨ ᠲᠦᠪᠰᠢᠨ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠵᠢ ᠬᠦᠰᠡᠵᠦ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠵᠥᠪᠯᠡᠯ᠎ᠤᠨ ᠠᠯᠪᠠᠨ ᠬᠡᠷ᠎ᠤᠨ ᠨᠢᠭᠡᠳᠦᠯᠲᠡᠶ ᠲᠥᠯᠥᠪᠵᠢᠭᠦᠯᠦᠨ ᠵᠢᠯᠣᠭᠣᠳᠬᠤ   ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠵᠢᠯᠣᠭᠣᠳᠤᠨ ᠵᠣᠬᠢᠴᠠᠭᠤᠯᠬᠤ᠎ᠪᠠᠨ ᠴᠢᠩᠭ᠋ᠠᠳᠬᠠᠨ᠂ ᠭᠠᠮᠰᠢᠭ᠎ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠬᠣᠶᠠᠷ ᠲᠠᠯ᠎ᠠ ᠵᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠵᠢᠯᠣᠭᠣᠳᠬᠤ ᠲᠠᠪᠴᠠᠩ᠎ᠤᠨ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠬᠦ   ᠦᠢ᠍ᠯᠡᠳᠦᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠪᠠᠳᠠᠷᠠᠭᠤᠯᠵᠤ᠂ ᠬᠠᠷᠢᠯᠴᠠᠨ ᠠᠭᠤᠰᠤᠯᠴᠠᠬᠤ᠂ ᠬᠠᠮᠲᠤ᠎ᠪᠠᠷ ᠬᠠᠷᠢᠭᠤᠯᠬᠤ ᠵᠢ ᠪᠠᠷᠢᠮᠲᠠᠯᠠᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠠᠵᠢᠯ᠎ᠤᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
     ᠵᠣᠣ ᠯᠢ ᠮᠢᠩ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠴᠠᠭ ᠠᠭᠤᠷ᠎ᠤᠨ ᠠᠵᠢᠯ᠎ᠳᠤ ᠬᠦᠴᠦᠲᠡᠶ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠴᠠᠭ ᠠᠭᠤᠷ ᠪᠣᠯᠤᠨ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠬᠣᠶᠠᠷ ᠰᠠᠯᠠᠭ᠎ᠠ ᠮᠥᠴᠢᠷ ᠢᠮᠠᠭᠲᠠ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠬᠦᠷᠢᠶᠡᠨ᠎ᠳᠤ ᠮᠥᠷᠥ ᠵᠡᠷᠭᠡᠴᠡᠨ ᠪᠠᠶ᠋ᠢᠯᠳᠤᠵᠤ᠂ ᠬᠠᠮᠲᠤᠷᠠᠯᠴᠠᠭ᠋ᠠᠨ᠎ᠤ ᠲᠣᠭᠲᠠᠴᠠ ᠰᠢᠯᠤᠭᠤᠬᠠᠨ ᠶᠠᠪᠤᠭᠳᠠᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠪᠠᠴᠢᠮ ᠪᠠᠶ᠋ᠢᠳᠠᠯ᠎ᠢ  ᠠᠷᠭ᠋ᠠᠴᠠᠬᠤ ᠴᠠᠭ ᠠᠭᠤᠷ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠪᠠᠲᠤ ᠪᠡᠬᠢ ᠰᠠᠭᠤᠷᠢ ᠲᠠᠯᠪᠢᠭᠰᠠᠭ᠋ᠠᠷ ᠢᠷᠡᠵᠠᠢ᠃ ᠣᠳᠣᠬᠠᠨ᠎ᠤ ᠰᠢᠨ᠎ᠡ ᠪᠠᠶ᠋ᠢᠳᠠᠯ᠎ᠤᠨ ᠡᠮᠦᠨ᠎ᠡ᠂ ᠬᠣᠶᠠᠷ ᠰᠠᠯᠠᠭ᠎ᠠ ᠮᠥᠴᠢᠷ ᠨᠡᠩ ᠴᠤ᠌ ᠨᠢᠭᠲᠠ ᠬᠠᠮᠵᠢᠯᠴᠠᠵᠤ᠂ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ᠂ ᠪᠠᠴᠢᠮ ᠪᠠᠶ᠋ᠢᠳᠠᠯ᠎ᠢ  ᠠᠷᠭ᠋ᠠᠴᠠᠬᠤ ᠲᠠᠯ᠎ᠠ᠎ᠪᠠᠷ ᠭᠦᠨᠵᠡᠭᠡᠢ ᠵᠣᠯᠭ᠋ᠠᠭᠤᠯᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃
     ᠳᠠᠷᠠᠭ᠎ᠠ ᠠᠯᠬᠤᠮ᠂ ᠪᠥᠬᠥ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠢ ᠴᠠᠭ ᠠᠭᠤᠷ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠵᠣᠯᠭ᠋ᠠᠭᠤᠯᠬᠤ ᠵᠢ ᠦᠷᠭᠦᠯᠵᠢᠯᠡᠨ ᠴᠢᠩᠭ᠋ᠠᠳᠬᠠᠨ᠎ᠠ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠪᠠ ᠮᠡᠳᠡᠭᠡ ᠵᠠᠩᠭᠢ ᠵᠢ ᠬᠠᠮᠲᠤᠪᠠᠷ ᠬᠦᠷᠲᠡᠬᠦ ᠵᠢ ᠴᠢᠩᠭ᠋ᠠᠷᠠᠭᠤᠯᠤᠨ᠎ᠠ᠂ ᠦᠶᠡᠷ᠎ᠤᠨ ᠬᠤᠭᠤᠴᠠᠭ᠋ᠠᠨ᠎ᠳᠤ ᠬᠣᠯᠪᠣᠭ᠋ᠠᠲᠤ ᠬᠤᠷᠠᠯ ᠵᠥᠪᠳᠡᠯᠴᠡᠨ ᠮᠠᠭ᠋ᠠᠳᠯᠠᠬᠤ᠂ ᠳᠠᠪᠲᠠᠨ ᠳ᠋ᠦᠩᠨᠡᠬᠦ᠂ ᠴᠠᠭ ᠠᠭᠤᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠢᠭᠡᠳ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠣᠭᠣᠳᠬᠤ ᠲᠠᠪᠴᠠᠩ᠎ᠤᠨ ᠭᠦᠨᠵᠡᠭᠡᠶ ᠠᠭᠤᠰᠤᠯᠴᠠᠬᠤ ᠵᠢ ᠠᠬᠢᠭᠤᠯᠬᠤ ᠬᠡᠷᠡᠭᠲᠡᠶ᠂ ᠭᠠᠮᠰᠢᠭ᠎ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠳᠠᠭᠤᠳᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠂ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠵᠢ ᠴᠢᠩᠭ᠋ᠠᠳᠬᠠᠬᠤ ᠬᠡᠷᠡᠭᠲᠡᠶ᠂ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ᠂ ᠣᠨᠴᠠᠭ᠋ᠠᠶ ᠴᠠᠭ ᠠᠭᠤᠷ᠎ᠢ ᠬᠠᠮᠵᠢᠯᠴᠠᠨ ᠰᠡᠷᠭᠡᠶ᠋ᠢᠯᠡᠵᠦ ᠠᠷᠭ᠋ᠠᠴᠠᠨ   ᠰᠢᠢ᠍ᠳᠪᠦᠷᠢᠯᠡᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠯᠭ᠋ᠠᠭᠤᠷᠢᠯᠠᠬᠤ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠨ᠎ᠠ᠂ ᠪᠠᠶ᠋ᠢᠭᠤᠯᠬᠤ ᠪᠦᠬᠦ ᠶᠠᠪᠤᠴᠠ᠂ ᠪᠦᠬᠦ ᠭᠢᠨᠵᠢ᠂ ᠭᠠᠮᠰᠢᠭ᠎ᠢ ᠪᠦᠬᠦ ᠲᠠᠯ᠎ᠠ᠎ᠪᠠᠷ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠤᠨ ᠪᠠᠶ᠋ᠢᠷᠢᠰᠢᠯ᠂ ᠭᠠᠮᠰᠢᠭ᠎ᠤᠨ ᠲᠦᠭᠰᠢᠭᠦᠷᠢ ᠵᠢ ᠰᠡᠷᠭᠡᠶ᠋ᠢᠯᠡᠬᠦ ᠴᠢᠳᠠᠪᠤᠷᠢ ᠪᠠ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
     ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠰᠢᠩ ᠭᠦᠸᠧ ᠰᠢᠶᠠᠨ᠂ ᠯᠢ  ᠱᠤ᠌ ᠰᠸᠨ ᠲᠤᠰ ᠲᠤᠰ ᠰᠠᠨᠠᠯ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ  ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶᠠᠨ᠎ᠤ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠵᠠᠢ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            