ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠰᠲ᠋ᠧᠮ᠎ᠤᠨ ᠬᠣᠶᠠᠷ ᠬᠡᠷᠡᠭ᠎ᠤᠨ ᠵᠢᠱ᠌ᠢᠶ᠎ᠡ ᠵᠢ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠢᠯᠭ᠋ᠠᠷᠠᠭᠤᠯᠪᠠ
ᠨᠡᠶ᠋ᠢᠲᠡᠯᠡᠭᠰᠡᠨ ᠴᠠᠭ᠄ 2025-05-21

     ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠪᠣᠯᠤᠨ ᠪᠤᠭᠤᠲᠤ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠲᠠᠨᠢᠯᠴᠠᠭᠤᠯᠤᠭᠰᠠᠨ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 ᠪᠠ 《ᠪᠤᠭᠤᠲᠤ ᠬᠣᠲᠠ ᠵᠢᠨ ᠠᠶᠤᠯᠭᠦᠶ   ᠦᠢ᠍ᠯᠡᠳᠪᠦᠷᠢᠯᠡᠯ᠎ᠤᠨ ᠥᠯᠵᠡᠶ᠋ᠢᠲᠦ ᠠᠮᠢᠲᠠᠨ ᠠᠮᠤᠷ ᠲᠦᠪᠰᠢᠨ᠎ᠢ ᠱᠤᠭᠤᠬᠤ》 ᠭᠡᠬᠦ ᠬᠣᠶᠠᠷ ᠬᠡᠷᠡᠭ᠎ᠤᠨ ᠵᠢᠱ᠌ᠢᠶ᠎ᠡ᠎ᠨᠢ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠪᠡ᠃

000000000.jpg


     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠥᠷᠨᠢᠭᠦᠯᠦᠭᠰᠡᠨ ᠠᠯᠢ ᠣᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠨᠢ ᠭᠤᠤᠯ ᠵᠠᠭᠤᠴᠢᠯᠠᠭᠤᠷ᠂ ᠲᠢᠩᠬᠢᠮ᠎ᠤᠨ ᠫᠤᠷᠲ᠋ᠧᠯ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ ᠵᠡᠷᠭᠡ ᠲᠤᠰᠬᠠᠶ ᠰᠡᠳᠦᠪᠲᠦ ᠪᠤᠯᠤᠩ ᠭᠠᠷᠭ᠋ᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ᠂ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠲᠦᠢ᠍ᠮᠡᠷ᠎ᠤᠨ ᠠᠶᠤᠯ᠂ ᠬᠢᠵᠠᠭ᠋ᠠᠷᠲᠠᠶ ᠣᠷᠣᠨ ᠵᠠᠶ᠎ᠳᠤ ᠠᠵᠢᠯᠯᠠᠬᠤ᠂ ᠰᠢᠲᠠᠮᠠᠬᠠᠶ ᠬᠡᠶ ᠵᠢᠨ ᠠᠮᠤᠷ ᠲᠦᠪᠰᠢᠨ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠬᠠᠤ ᠵᠡᠷᠭᠡ ᠲᠠᠯ᠎ᠠ ᠵᠢᠨ ᠲᠣᠭᠣᠷᠢᠨ᠎ᠳᠤ᠂ 《ᠰᠣᠨᠢᠨ ᠮᠡᠳᠡᠭᠡ + ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 《ᠬᠡᠷᠡᠭ᠎ᠤᠨ ᠵᠢᠱ᠌ᠢᠶ᠎ᠡ + ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 ᠵᠠᠭᠪᠤᠷ᠎ᠢ ᠬᠡᠷᠡᠭᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠃ ᠡᠭᠦᠨ᠎ᠤ ᠬᠠᠮᠲᠤ᠂ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠠᠬᠢᠭᠤᠯᠬᠤ》 ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠪᠠᠭ᠋ᠠᠲᠤᠷ ᠵᠡᠷᠭᠡ ᠴᠠᠭ ᠦᠶ᠎ᠡ ᠵᠢᠨ ᠵᠢᠱ᠌ᠢᠶᠡᠴᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠪᠣᠯᠤᠨ ᠠᠮᠤᠷ ᠲᠦᠪᠰᠢᠨ᠎ᠤ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠳᠠᠶ᠋ᠢᠴᠢᠯᠠᠨ ᠠᠮᠤᠷ ᠲᠦᠪᠰᠢᠨ᠎ᠤ ᠤᠬᠠᠭᠤᠯᠭ᠎ᠠ ᠵᠢ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ ᠭᠠᠮᠰᠢᠭ᠎ᠢ ᠰᠡᠷᠭᠡᠶ᠋ᠢᠯᠡᠵᠦ ᠠᠶᠤᠯ᠎ᠠᠴᠠ ᠵᠠᠶ᠋ᠢᠯᠠᠬᠤ᠂ ᠦᠢ᠍ᠯᠡᠳᠪᠦᠷᠢᠯᠡᠯ ᠠᠮᠢᠳᠤᠷᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠮᠤᠷ ᠲᠦᠪᠰᠢᠨ᠎ᠤ ᠶᠡᠷᠦ ᠵᠢᠨ ᠮᠡᠳᠡᠯᠭᠡ ᠵᠢᠨ ᠮᠡᠳᠡᠯᠭᠡ ᠵᠢ ᠲᠦᠭᠡᠮᠡᠯᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠷ᠎ᠠ ᠴᠢᠳᠠᠪᠤᠷᠢ ᠵᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠤᠯᠠᠮᠵᠢᠯᠠᠪᠠ᠃ ᠲᠤᠰᠬᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠵᠤ ᠣᠯᠠᠨ ᠨᠡᠶ᠋ᠢᠲᠡ ᠵᠢᠨ ᠡᠯ᠎ᠡ ᠲᠥᠷᠥᠯ᠎ᠤᠨ ᠠᠮᠢ ᠨᠠᠰᠤᠨ᠎ᠤ ᠵᠠᠮ᠎ᠤᠨ ᠠᠰᠠᠭᠤᠳᠠᠯ᠎ᠢ ᠠᠰᠠᠭᠤᠨ ᠯᠠᠪᠯᠠᠵᠤ ᠲᠠᠶ᠋ᠢᠯᠪᠤᠷᠢᠯᠠᠨ ᠥᠭᠴᠦ᠂ ᠪᠥᠬᠥ ᠣᠷᠣᠨ᠎ᠤ 183 . 7 ᠲᠦᠮᠡ ᠭᠠᠷᠤᠶ ᠬᠥᠮᠦᠨ ᠤᠳᠠᠭ᠎ᠠ ᠲᠠᠷᠬᠠᠭ᠋ᠠᠵᠤ ᠠᠮᠢ ᠵᠢᠭᠤᠬᠤ ᠰᠢᠷᠢᠰ ᠰᠣᠷᠢᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠳᠤᠷ᠎ᠠ ᠰᠣᠨᠢᠷᠬᠠᠯ᠎ᠤᠨ ᠤᠬᠠᠭ᠋ᠠᠨ᠂ ᠰᠦᠯᠵᠢᠶᠡᠨ᠎ᠤ ᠮᠡᠳᠡᠯᠭᠡ ᠵᠢᠨ ᠰᠡᠳᠦᠪ ᠬᠠᠷᠢᠭᠤᠯᠬᠤ ᠵᠡᠷᠭᠡ ᠪᠥᠬᠥ ᠤᠯᠤᠰ᠎ᠤᠨ ᠴᠢᠨᠠᠷᠲᠠᠶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ᠎ᠳᠤ ᠣᠷᠣᠯᠴᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠦᠨᠡᠨ ᠬᠦ᠌ ᠬᠡᠷᠡᠭᠴᠡᠭᠡ᠎ᠲᠠᠢ ᠪᠥᠭᠡᠳ ᠪᠦᠲᠦᠮᠵᠢᠲᠡᠶ ᠪᠣᠯᠭ᠋ᠠᠵᠤ᠂ ᠠᠮᠤᠷ ᠲᠦᠪᠰᠢᠨ᠎ᠤ ᠰᠣᠶᠣᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃
    《ᠠᠮᠤᠷ》 ᠪᠣᠯ ᠪᠤᠭᠤᠲᠤ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠭᠠᠷᠭ᠋ᠠᠭᠰᠠᠨ ᠣᠷᠣᠨ ᠨᠤᠲᠤᠭ᠎ᠤᠨ ᠣᠨᠴᠠᠯᠢᠭ ᠪᠥᠬᠥᠶ ᠠᠶᠤᠯᠭᠦᠶ ᠦᠢ᠍ᠯᠡᠳᠪᠦᠷᠢᠯᠡᠯ᠎ᠤᠨ ᠥᠯᠵᠡᠶ᠋ᠢᠲᠦ ᠡᠳ᠋ ᠪᠣᠯᠤᠨ᠎ᠠ᠂ 《ᠠᠮᠤᠷ ᠲᠦᠪᠰᠢᠨ》 ᠭᠡᠰᠡᠨ ᠤᠳᠬ᠎ᠠ᠎ᠲᠠᠢ᠃ ᠣᠷᠴᠢᠮ᠎ᠤᠨ ᠵᠢᠯ᠂ ᠪᠤᠭᠤᠲᠤ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠡᠨᠡ ᠬᠦ᠌ IP ᠳᠦᠷᠢ ᠲᠥᠷᠬᠦ ᠵᠢ ᠬᠡᠷᠡᠭᠯᠡᠵᠦ ᠪᠠᠶ᠋ᠢᠨ᠎ᠠ᠂ ᠸᠢᠴᠠᠲ᠎ᠤᠨ ᠢᠯᠡᠷᠡᠯ ᠣᠨ ᠪᠣᠭᠴᠣ ᠵᠢ 3 ᠢᠵᠢ ᠬᠢᠨ᠎ᠡ᠂ ᠠᠶᠤᠯᠭᠦᠶ ᠵᠢᠵᠢᠭ ᠲᠣᠭᠯᠠᠭ᠋ᠠᠮ 1᠂ ᠣᠨᠴᠠᠭ᠋ᠠᠶ ᠴᠠᠭ ᠠᠭᠤᠷ᠎ᠤᠨ ᠭᠠᠮᠰᠢᠭ᠎ᠢ ᠠᠷᠭ᠋ᠠᠴᠠᠭ᠋ᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠺᠠᠷᠲ᠋ᠣᠨ ᠵᠢᠷᠤᠭ 7 ᠬᠤᠭᠤᠴᠠᠭ᠎ᠠ᠂ ᠬᠡᠦᠬᠡᠳ᠎ᠤᠨ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢᠨ ᠺᠠᠷᠲ᠋ᠣᠨ ᠵᠢᠷᠤᠭ 7 ᠬᠤᠭᠤᠴᠠᠭ᠎ᠠ᠂ ᠣᠨᠴᠠᠭ᠋ᠠᠶ ᠠᠵᠢᠯ᠎ᠤᠨ ᠠᠮᠤᠷ ᠲᠦᠪᠰᠢᠨ᠎ᠤ ᠠᠵᠢᠯᠯᠠᠭ᠋ᠠᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠺᠠᠷᠲ᠋ᠣᠨ ᠵᠢᠷᠤᠭ 8 ᠬᠤᠭᠤᠴᠠᠭ᠎ᠠ᠂ ᠠᠮᠢᠳᠤᠷᠠᠯ᠎ᠤᠨ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢᠨ ᠺᠠᠷᠲ᠋ᠣᠨ ᠵᠢᠷᠤᠭ 6 ᠬᠤᠭᠤᠴᠠᠭ᠎ᠠ᠂ 8 ᠢᠵᠢ ᠠᠮᠤᠷ ᠲᠦᠪᠰᠢᠨ᠎ᠤ ᠮᠡᠳᠡᠯᠭᠡ ᠵᠢᠨ ᠵᠢᠷᠤᠭᠲᠤ ᠳᠡᠪᠲᠡᠷ᠂ ᠭᠠᠷ ᠤᠲᠠᠰᠤᠨ᠎ᠤ ᠲᠤᠯᠬᠤ ᠵᠢᠶᠠᠰᠠ  ᠦᠢ᠍ᠯᠡᠳᠬᠦ᠂ ᠵᠢᠵᠢᠭ ᠰᠠᠯᠬᠢᠨ ᠰᠠᠩᠰᠠ᠂ ᠵᠢᠷᠤᠭ ᠨᠡᠶ᠋ᠢᠯᠡᠭᠦᠯᠬᠦ᠂ ᠰᠥᠨᠢ ᠵᠢᠨ ᠳ᠋ᠧᠩ᠂ ᠠᠶᠤᠯᠭᠦᠶ ᠮᠤᠨᠠ᠂ ᠲᠡᠷᠭᠡᠨ ᠫᠠᠶ᠋ᠢᠰᠠ ᠰᠢᠯᠵᠢᠭᠦᠯᠬᠦ᠂ ᠰᠢᠳᠢᠲᠦ ᠳᠥᠷᠪᠡᠯᠵᠢᠨ᠂ ᠪᠢᠴᠢᠭ᠎ᠤᠨ ᠬᠡᠷᠡᠭᠰᠡᠯ᠎ᠤᠨ ᠢᠵᠢ ᠬᠠᠶ᠋ᠢᠷᠴᠠᠭ᠂ ᠰᠤᠪᠢᠯᠠᠯᠲᠠ ᠵᠢᠨ ᠥᠪᠴᠢ ᠬᠤᠪᠴᠠᠰᠤ᠂ ᠪᠠᠴᠢᠮ᠎ᠢ  ᠠᠷᠭ᠋ᠠᠴᠠᠭ᠋ᠠᠬᠤ ᠪᠣᠭᠣᠳᠠᠯ᠂ ᠬᠣᠷᠮᠣᠶ᠋ᠢᠪᠴᠢ᠂ ᠭᠠᠷ᠎ᠤᠨ ᠦᠰᠦᠭ ᠵᠢᠷᠤᠬᠤ ᠬᠠᠪᠲᠠᠰᠤ᠂ ᠲᠦᠯᠬᠢᠭᠦᠷ᠎ᠤᠨ ᠭᠢᠨᠵᠢ᠂ ᠠᠮᠤᠷ ᠬᠡᠤᠬᠡᠯᠳᠡᠶ ᠵᠡᠷᠭᠡ ᠤᠬᠠᠭᠤᠯᠭ᠎ᠠ ᠵᠢᠨ ᠪᠦᠲᠦᠭᠡᠯ ᠲᠦᠮᠡ ᠭᠠᠷᠤᠶ ᠢᠵᠢ ᠪᠣᠯᠪᠠ᠂ 20232024 ᠣᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠨᠤᠭᠤᠯᠬᠤ ᠬᠠᠭᠤᠳᠠᠰᠤ ᠵᠢ 31 ᠲᠥᠷᠥᠯ᠎ᠤᠨ 10 ᠲᠦᠮᠡᠨ ᠬᠤᠪᠢ  ᠦᠢ᠍ᠯᠡᠳᠴᠦ ᠲᠠᠷᠬᠠᠭ᠋ᠠᠪᠠ᠃ 《ᠠᠮᠤᠷ》 ᠰᠢᠷᠢᠰ ᠪᠦᠲᠦᠭᠡᠯ᠎ᠨᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠱᠠᠩᠨᠠᠯ᠎ᠢ ᠨᠡᠶ᠋ᠢᠲᠡ 13 ᠤᠳᠠᠭ᠎ᠠ ᠭᠥᠷᠳᠡᠵᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠺᠠᠷᠲ᠋ᠣᠨ ᠵᠢᠷᠤᠭ᠎ᠢ ᠰᠤᠷᠤᠯᠴᠠᠯᠭ᠎ᠠ ᠵᠢᠨ ᠬᠦᠴᠦᠷᠬᠡᠭ ᠤᠯᠤᠰ᠎ᠤᠨ ᠲᠠᠪᠴᠠᠩ᠎ᠳᠤ ᠣᠷᠣᠭᠤᠯᠪᠠ᠃ ᠢᠯᠠᠩᠭᠤᠶ᠎ᠠ ᠠᠮᠤᠷ ᠲᠦᠪᠰᠢᠨ᠎ᠤ ᠰᠣᠶᠣᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠦᠯᠵᠢᠶᠡᠨ ᠳᠡᠭᠡᠷᠡᠬᠢ ᠤᠶᠤᠨᠲᠤ ᠦᠵᠡᠭᠦᠯᠦᠯᠭᠡ ᠵᠢᠨ ᠲᠢᠩᠬᠢᠮ᠎ᠳᠤ᠂ ᠰᠦᠯᠵᠢᠶ᠎ᠡ ᠪᠠ ᠲᠣᠭ᠋ᠠᠴᠢᠯᠠᠭᠰᠠᠨ ᠵᠠᠭᠤᠴᠢᠯᠠᠭᠤᠷ᠎ᠤᠨ ᠮᠡᠷᠭᠡᠵᠢᠯ ᠵᠶ᠋ᠠᠷ ᠳᠠᠮᠵᠢᠭᠤᠯᠤᠨ ᠪᠠᠶ᠋ᠢᠭᠤᠯᠤᠭᠰᠠᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠣᠷᠳᠣᠨ᠂ ᠠᠶᠤᠯ ᠥᠬᠡᠶ   ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠣᠷᠳᠣᠨ᠂ ᠠᠮᠢᠳᠤᠷᠠᠯ᠎ᠤᠨ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠣᠷᠳᠣᠨ ᠵᠢᠴᠢ ᠠᠮᠤᠷ ᠲᠦᠪᠰᠢᠨ᠎ᠤ ᠰᠣᠶᠣᠯ᠎ᠤᠨ ᠤᠬᠠᠭᠤᠯᠭ᠎ᠠ ᠵᠢᠨ ᠣᠷᠳᠣᠨ᠎ᠨᠢ ᠲᠣᠭ᠋ᠠᠴᠢᠯᠠᠭᠰᠠᠨ ᠶᠡᠷᠦᠩᠬᠡᠶ᠋ᠢᠯᠡᠭᠰᠡᠨ ᠦᠵᠡᠭᠦᠯᠦᠯᠭᠡ ᠵᠢᠨ ᠲᠠᠪᠴᠠᠩ᠎ᠢ ᠪᠦᠷᠢᠯᠳᠦᠭᠦᠯᠵᠦ᠂ ᠺᠠᠷᠲ᠋ᠣᠨ ᠵᠢᠷᠤᠭ᠂ ᠦᠵᠡᠵᠦ ᠰᠣᠨᠣᠰᠬᠤ ᠠᠭᠤᠯᠭ᠎ᠠ᠂ ᠬᠠᠷᠢᠯᠴᠠᠨ ᠪᠡᠶᠡᠴᠢᠯᠡᠨ ᠣᠶ᠋ᠢᠯᠠᠭ᠋ᠠᠬᠤ ᠪᠠ ᠰᠦᠯᠵᠢᠶᠡᠨ᠎ᠤ ᠠᠨᠳᠠ ᠨᠠᠷ᠎ᠲᠠᠢ ᠬᠣᠯᠪᠣᠭ᠋ᠠᠯᠠᠨ ᠬᠥᠳᠡᠯᠦᠯᠴᠡᠵᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠮᠤᠷ ᠲᠦᠪᠰᠢᠨ᠎ᠤ ᠮᠡᠳᠡᠯᠭᠡ ᠵᠢ ᠨᠠᠩ ᠰᠠᠶ᠋ᠢᠨ ᠤᠯᠠᠮᠵᠢᠯᠠᠵᠤ᠂ ᠠᠮᠤᠷ ᠲᠦᠪᠰᠢᠨ᠎ᠤ ᠰᠣᠶᠣᠯ᠎ᠢ ᠨᠠᠩ ᠰᠠᠶ᠋ᠢᠨ ᠤᠯᠠᠮᠵᠢᠯᠠᠨ᠎ᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            