5 ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠶ᠋ᠢᠯᠠᠩ ᠬᠠᠮᠲᠤ ᠵᠢᠨ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠬᠤ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠴᠠᠭ ᠲᠤᠬᠠᠶ᠎ᠳᠤᠨᠢ᠎ᠲᠠᠭᠠᠨ ᠰᠤᠷᠤᠯᠴᠠᠵᠤ᠂ 《ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ》᠂ 《 ᠨᠠᠢ᠍ᠮᠠᠨ ᠲᠣᠭᠲᠠᠭ᠋ᠠᠯ ᠳᠤᠮᠳᠠᠳᠤ ᠤᠯᠤᠰ᠎ᠢ ᠬᠤᠪᠢᠷᠠᠭᠤᠯᠤᠭᠰᠠᠨ》 ᠵᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠎ᠲᠠᠢ ᠤᠶᠠᠯᠳᠤᠭᠤᠯᠤᠨ᠂ ᠨᠠᠮ᠎ᠤᠨ ᠰᠢᠯᠢᠳᠡᠭ ᠰᠤᠷᠲᠠᠯ᠎ᠢ ᠲᠦᠷᠦᠭᠦᠯᠡᠨ ᠤᠯᠠᠮᠵᠢᠯᠠᠨ ᠪᠠᠳᠠᠷᠠᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠲᠤᠰᠢᠶᠠᠯ ᠬᠠᠷᠢᠭᠤᠴᠠᠯᠭ᠎ᠠ ᠡᠭᠦᠷᠭᠡ᠎ᠪᠠᠨ ᠦᠨᠡᠨ ᠬᠦ᠌ ᠭᠦᠢ᠍ᠴᠡᠳᠬᠡᠬᠦ᠎ᠲᠠᠢ ᠤᠶᠠᠯᠳᠤᠭᠤᠯᠤᠨ ᠰᠤᠳᠤᠯᠤᠨ ᠶᠠᠷᠢᠯᠴᠠᠬᠤ ᠠᠵᠢᠯ᠎ᠢ ᠥᠷᠨᠢᠭᠦᠯᠪᠡ᠃ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠭᠤᠤ ᠷᠦᠨ ᠰᠢ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ᠎ᠠᠴᠠ᠂ ᠪᠦᠬᠦ ᠲᠢᠩᠬᠢᠮ ᠳᠠᠶᠠᠭ᠋ᠠᠷ ᠵᠶ᠋ᠠᠨ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠦ᠂ ᠰᠤᠷᠤᠯᠴᠠᠯᠭ᠎ᠠ ᠬᠥᠮᠦᠵᠢᠯ᠎ᠢ ᠴᠢᠩᠭ᠎ᠠ ᠪᠣᠳᠠᠲᠠᠢ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠠᠵᠢᠯ ᠬᠢᠵᠦ ᠦᠢ᠍ᠯᠡᠰ ᠪᠤᠰᠬᠠᠬᠤ ᠬᠡᠷᠡᠭᠲᠡᠢ᠃ ᠨᠢᠭᠡ᠎ᠳᠤ᠂ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠥᠪ᠎ᠤᠨ ᠨᠠᠢ᠍ᠮᠠᠨ ᠲᠣᠭᠲᠠᠭ᠋ᠠᠯ ᠪᠣᠯ ᠠᠯᠤᠰ ᠬᠡᠲᠦ ᠵᠢ ᠬᠠᠮᠢᠶᠠᠷᠬᠤ ᠲᠡᠮᠦᠷ ᠶᠣᠰᠣ ᠲᠦᠷᠢᠮ᠂ ᠬᠠᠲᠠᠭᠤ ᠲᠣᠭᠲᠠᠭ᠋ᠠᠯ ᠮᠥᠨ ᠭᠡᠳᠡᠭ᠎ᠢ ᠭᠦᠨᠵᠡᠭᠡᠶ ᠲᠠᠨᠢᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠬᠠᠮᠰᠠᠷᠲᠤ ᠴᠢᠨᠠᠷ ᠰᠠᠨᠠᠭ᠋ᠠᠴᠢᠯᠠᠭ᠋ᠠᠲᠤ ᠴᠢᠨᠠᠷ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠬᠣᠶᠠᠷ᠎ᠲᠤ᠂ ᠦᠷᠭᠦᠯᠵᠢᠯᠡᠨ ᠪᠠᠶ᠋ᠢᠴᠠᠭ᠋ᠠᠨ ᠳᠡᠯᠭᠡᠵᠦ ᠴᠡᠭᠴᠡᠯᠡᠨ ᠵᠠᠰᠠᠵᠤ᠂ 《ᠲᠦᠷᠪᠡᠨ ᠰᠤᠷᠲᠠᠯ》᠎ᠤᠨ ᠨᠢᠭᠤᠭᠳᠠᠮᠠᠯ ᠣᠨᠳᠣᠣᠰᠢᠭᠰᠠᠨ ᠠᠰᠠᠭᠤᠳᠠᠯ᠎ᠢ ᠣᠨᠣᠪᠴᠢᠲᠠᠢ ᠪᠥᠭᠡᠳ ᠪᠣᠳᠠᠲᠠᠢ ᠡᠷᠢᠵᠦ᠂ ᠡᠯ᠎ᠡ ᠵᠦᠢ᠍ᠯ᠎ᠤᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠢ ᠠᠳᠬᠤᠵᠤ᠂ ᠪᠣᠳᠠᠲᠠᠢ ᠴᠡᠭᠴᠡᠯᠡᠨ ᠰᠠᠶ᠋ᠢᠵᠢᠷᠠᠭᠤᠯᠵᠤ᠂ ᠡᠴᠦᠰ᠎ᠲᠤᠨᠢ ᠲᠤᠯᠲᠠᠯ᠎ᠠ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠰᠡᠷᠡᠮᠵᠢᠯᠡᠭᠦᠯᠬᠦ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠰᠠᠬᠢᠵᠤ᠂ ᠬᠣᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠪᠢᠰᠢᠷᠡᠨ ᠵᠢᠷᠦᠬᠡᠰᠢᠶᠡᠬᠦ ᠵᠢ ᠮᠡᠳᠡᠬᠦ ᠵᠢ ᠠᠬᠢᠭᠤᠯᠬᠤ ᠬᠡᠷᠡᠭᠲᠡᠢ᠃ ᠳᠥᠷᠪᠡ᠎ᠳᠤ ᠡᠳᠦᠷ ᠲᠤᠲᠤᠮ᠎ᠤᠨ ᠬᠠᠮᠢᠶᠠᠷᠤᠯᠲᠠ᠎ᠪᠠᠨ ᠦᠷᠭᠦᠯᠵᠢᠯᠡᠨ ᠴᠢᠩᠭ᠋ᠠᠳᠬᠠᠵᠤ᠂ ᠦᠵᠡᠯᠲᠡ᠎ᠪᠠᠨ ᠬᠤᠪᠢᠷᠠᠭᠤᠯᠬᠤ᠂ ᠰᠤᠷᠲᠠᠯ ᠵᠶ᠋ᠠᠨ ᠴᠢᠩᠭ᠋ᠠᠳᠬᠠᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ᠂ ᠨᠠᠶ᠋ᠢᠳᠠᠪᠤᠷᠢᠵᠢᠭᠤᠯᠤᠯᠲᠠ ᠵᠢ ᠴᠢᠬᠤᠯᠠᠴᠢᠯᠠᠬᠤ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ᠂ ᠳᠦᠷᠢ ᠲᠥᠷᠬᠦ᠎ᠪᠠᠨ ᠱᠤᠭᠤᠬᠤ ᠳᠡᠭᠡᠷ᠎ᠡ ᠴᠥᠬᠥᠷᠡᠰᠢ ᠥᠬᠡᠶ ᠬᠦᠴᠦᠯᠡᠵᠦ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠬᠤ ᠬᠡᠷᠡᠭᠲᠡᠶ᠃ ᠲᠠᠪᠤ᠎ᠳᠤ᠂ ᠦᠷᠭᠦᠯᠵᠢᠯᠡᠨ ᠰᠠᠶ᠋ᠢᠲᠤᠷ ᠠᠷᠪᠢᠯᠠᠨ ᠭᠠᠮᠨᠠᠵᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠵᠦ᠂ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ᠂ ᠠᠷᠪᠢᠯᠠᠨ ᠭᠠᠮᠨᠠᠬᠤ ᠬᠡᠯᠪᠡᠷᠢ ᠵᠢᠨ ᠪᠠᠶ᠋ᠢᠭᠤᠯᠤᠯᠭ᠎ᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ; ᠤᠬᠠᠭᠤᠯᠭ᠎ᠠ ᠬᠥᠮᠦᠵᠢᠯ᠎ᠢ ᠲᠠᠰᠤᠷᠠᠯᠳᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠠᠢ᠍ᠢ᠍ᠨ ᠤᠬᠠᠭᠤᠯᠤᠭᠴᠢ ᠪᠠ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ; ᠤᠶᠠᠯᠳᠤᠭᠤᠯᠬᠤ ᠠᠭᠤᠰᠤᠯᠴᠠᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠶᠤᠯᠭᠦᠢ ᠦᠢ᠍ᠯᠡᠳᠪᠦᠷᠢᠯᠡᠯ ᠪᠣᠯᠤᠨ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠠᠭᠤᠷᠬᠠᠢ᠂ ᠠᠶᠤᠯᠲᠠᠢ ᠬᠢᠮᠢ ᠵᠢᠨ ᠪᠣᠳᠠᠰ᠂ ᠠᠵᠤ ᠦᠢ᠍ᠯᠡᠳᠪᠦᠷᠢ ᠠᠷᠠᠯᠵᠢᠶ᠎ᠠ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠠᠷᠭ᠋ᠠᠴᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠭᠡᠮ ᠰᠣᠭᠣᠭ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠵᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠵᠦᠢ᠍ᠯ᠎ᠤᠨ ᠭᠡᠨᠡᠳᠲᠡ ᠵᠢᠨ ᠬᠡᠷᠡᠭ᠎ᠢ ᠴᠠᠭ ᠲᠤᠬᠠᠢᠳᠤᠨᠢ ᠥᠨᠳᠥᠷ ᠪᠦᠲᠦᠮᠵᠢᠲᠡᠢ ᠰᠢᠢ᠍ᠳᠪᠦᠷᠢᠯᠡᠬᠦ ᠵᠢ ᠪᠠᠲᠤᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃