ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠥᠨᠥᠳᠥᠷ᠎ᠤᠨ ᠰᠣᠨᠢᠨ ᠮᠡᠳᠡᠭᠡ
ᠪᠥᠬᠥ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠤᠨ ᠶᠡᠷᠦᠩᠬᠡᠶ᠋ᠢᠯᠡᠭᠰᠡᠨ ᠲᠦᠭᠰᠢᠭᠦᠷᠢ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠨᠡᠳᠬᠡᠬᠦ ᠵᠢᠴᠢ ᠭᠠᠮᠰᠢᠭ᠎ᠢ ᠪᠠᠭ᠋ᠠᠰᠬᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-06-30

    6 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 27᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ ᠬᠥᠬᠡᠬᠣᠲᠠ᠎ᠳᠤ ᠪᠥᠬᠥ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠤᠨ ᠶᠡᠷᠦᠩᠬᠡᠶ᠋ᠢᠯᠡᠭᠰᠡᠨ ᠠᠶᠤᠯ ᠲᠦᠭᠰᠢᠭᠦᠷᠢ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠨᠡᠳᠬᠡᠬᠦ ᠵᠢᠴᠢ ᠶᠡᠷᠦᠩᠬᠡᠶ᠋ᠢᠯᠡᠭᠰᠡᠨ ᠭᠠᠮᠰᠢᠭ᠎ᠢ ᠪᠠᠭ᠋ᠠᠰᠬᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃ ᠪᠣᠯᠪᠠᠰᠤᠷᠠᠭᠤᠯᠤᠯ᠎ᠤᠨ ᠠᠩᠭᠢ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠤᠨ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠭᠠᠮᠰᠢᠭ᠎ᠢ ᠪᠠᠭ᠋ᠠᠰᠬᠠᠬᠤ ᠠᠵᠢᠯ᠎ᠤᠨ ᠰᠢᠨ᠎ᠡ ᠪᠠᠶ᠋ᠢᠳᠠᠯ᠎ᠢ ᠪᠥᠬᠥ ᠲᠠᠯ᠎ᠠ᠎ᠪᠠᠷ ᠡᠵᠡᠮᠳᠡᠵᠦ᠂ ᠡᠯ᠎ᠡ   ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠨ᠂ ᠡᠯ᠎ᠡ ᠱᠠᠲᠤᠨ᠎ᠤ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠨᠡᠳᠬᠡᠬᠦ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠠᠮᠤᠷ ᠲᠦᠪᠰᠢᠨ᠎ᠤ ᠪᠠᠲᠤᠯᠠᠭ᠎ᠠ ᠵᠢ ᠪᠠᠲᠤ ᠪᠠᠬᠢ ᠪᠣᠶ ᠪᠣᠯᠭ᠋ᠠᠨ᠎ᠠ᠃
     ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠂ ᠤᠯᠤᠰ᠎ᠤᠨ ᠭᠠᠮᠰᠢᠭ᠎ᠢ ᠪᠠᠭ᠋ᠠᠰᠬᠠᠬᠤ ᠲᠥᠪ ᠵᠡᠷᠭᠡ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ ᠪᠣᠯᠤᠨ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠢ ᠤᠷᠢᠵᠤ ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ ᠬᠢᠯᠭᠡᠵᠦ᠂ ᠭᠤᠤᠯᠳᠠᠭᠤ ᠪᠠᠶ᠋ᠢᠭ᠋ᠠᠯᠢ ᠵᠢᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠨᠡᠳᠬᠡᠬᠦ ᠪᠠ ᠲᠣᠭ᠎ᠠ ᠪᠠᠷᠢᠮᠲᠠ ᠵᠢᠨ ᠬᠥᠮᠥᠷᠭᠡ ᠵᠢ ᠠᠵᠢᠯᠯᠠᠭᠤᠯᠬᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠷ᠎ᠡ ᠪᠦᠲᠦᠭᠡᠯ᠎ᠢ ᠬᠡᠷᠡᠭᠯᠡᠬᠦ᠂ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠰᠢᠶᠠᠨ᠎ᠢ ᠡᠭᠦᠳᠦᠨ ᠪᠠᠶ᠋ᠢᠭᠤᠯᠬᠤ ᠵᠡᠷᠭᠡ ᠭᠤᠤᠯ ᠠᠭᠤᠯᠭ᠎ᠠ ᠵᠢᠨ ᠲᠣᠭᠣᠷᠢᠨ᠎ᠳᠤ ᠥᠷᠨᠢᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ᠂ ᠭᠠᠮᠰᠢᠭ᠎ᠢ ᠪᠠᠭ᠋ᠠᠰᠬᠠᠬᠤ ᠴᠢᠳᠠᠪᠤᠷᠢ᠂ ᠨᠡᠭᠦᠷᠡᠰᠦᠨ ᠠᠭᠤᠷᠬᠠᠶ᠂ ᠨᠡᠭᠦᠷᠡᠰᠦᠨ᠎ᠤ ᠪᠤᠰᠤ ᠠᠭᠤᠷᠬᠠᠶ᠂ ᠠᠶᠤᠯᠲᠠᠶ ᠬᠢᠮᠢ ᠵᠢᠨ ᠪᠣᠳᠠᠰ᠎ᠢ ᠪᠠᠶ᠋ᠢᠴᠠᠭ᠋ᠠᠬᠤ ᠮᠡᠷᠭᠡᠵᠢᠯ᠎ᠤᠨ ᠵᠢᠷᠤᠮᠵᠢᠯ᠎ᠳᠤ ᠴᠢᠭᠯᠡᠭᠦᠯᠦᠨ ᠨᠠᠷᠢᠨ ᠲᠠᠶ᠋ᠢᠯᠤᠮᠵᠢ ᠬᠢᠪᠠ᠃ ᠡᠯᠪᠡᠭ ᠪᠠᠶᠠᠯᠢᠭ ᠣᠯᠠᠨ ᠶᠠᠩᠵᠤ ᠵᠢᠨ ᠬᠢᠴᠢᠶᠡᠯ᠎ᠤᠨ ᠪᠠᠶ᠋ᠢᠷᠢᠯᠠᠭᠤᠯᠤᠯᠲᠠ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠵᠢᠯᠲᠠᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠣᠯᠤᠨ ᠲᠤᠬᠠᠶ᠋ᠢᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠵᠦ᠂ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠠᠵᠢᠯ᠎ᠢ ᠨᠡᠩ ᠰᠠᠶ᠋ᠢᠲᠤᠷ ᠥᠷᠨᠢᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠪᠠ᠃ ᠣᠯᠠᠨ ᠵᠶ᠋ᠠᠷ ᠵᠶ᠋ᠠᠨ ᠢᠯᠡᠷᠬᠡᠶ᠋ᠢᠯᠡᠬᠦ᠎ᠳᠡᠭᠡᠨ᠂ ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠠᠭᠤᠯᠭ᠎ᠠ᠎ᠨᠢ ᠡᠯᠪᠡᠭ ᠪᠠᠶᠠᠯᠢᠭ᠂ ᠬᠡᠷᠡᠭᠯᠡᠭᠡᠨ᠎ᠤ ᠴᠢᠨᠠᠷ ᠵᠶ᠋ᠠᠷ ᠴᠢᠩᠭ᠎ᠠ ᠪᠠᠶ᠋ᠢᠵᠤ᠂ ᠬᠣᠶ᠋ᠢᠰᠢᠳᠠ ᠵᠢᠨ ᠠᠵᠢᠯ᠎ᠳᠤ ᠴᠢᠬᠤᠯᠠ ᠵᠢᠯᠣᠭᠣᠳᠬᠤ ᠠᠴᠢ ᠬᠣᠯᠪᠣᠭᠳᠠᠯ᠎ᠲᠠᠢ ᠶᠤᠮ᠂ ᠰᠣᠷᠣᠭᠰᠠᠨ ᠮᠡᠳᠡᠯᠭᠡ᠎ᠪᠠᠨ ᠪᠣᠳᠠᠲᠠᠶ ᠠᠵᠢᠯ᠎ᠤᠨ ᠳᠤᠮᠳᠠ᠎ᠪᠠᠨ  ᠭᠦᠢ᠍ᠴᠡᠳ ᠬᠡᠷᠡᠭᠯᠡᠵᠦ᠂ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃
     ᠪᠥᠬᠥ ᠣᠷᠣᠨ᠎ᠤ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠬᠣᠶᠠᠷ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ᠂ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ ᠵᠡᠷᠭᠡ 230 ᠭᠠᠷᠤᠶ ᠬᠥᠮᠦᠨ ᠲᠣᠰ ᠤᠳᠠᠭ᠋ᠠᠨ᠎ᠤ ᠪᠣᠯᠪᠠᠰᠤᠷᠠᠭᠤᠯᠤᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠰᠢᠶᠤᠤ ᠳ᠋ᠠᠨ ᠪᠣᠯᠪᠠᠰᠤᠷᠠᠯ᠎ᠤᠨ ᠠᠩᠭᠢ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠶ᠋ᠢᠴᠢᠯᠠᠯᠲᠠ ᠵᠢᠨ ᠶᠠᠷᠢᠶ᠎ᠠ ᠲᠠᠯᠪᠢᠪᠠ᠃

ᠢᠷᠡᠯᠲᠡ᠄ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            