ᠡᠨᠡ ᠵᠢᠯ᠎ᠤᠨ 6 ᠳ᠋ᠤᠭ᠋ᠠᠷ ᠰᠠᠷ᠎ᠠ ᠪᠣᠯ ᠬᠣᠷᠢᠨ ᠳᠥᠷᠪᠡᠳᠡᠬᠢ ᠪᠥᠬᠥ ᠤᠯᠤᠰ᠎ᠤᠨ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠪᠣᠯᠤᠨ᠎ᠠ᠂ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠳᠡᠷᠭᠡᠳᠡᠬᠢ ᠠᠮᠤᠷ ᠲᠦᠪᠰᠢᠨ᠎ᠤ ᠬᠡᠮ ᠰᠣᠭᠣᠭ᠎ᠢ ᠡᠷᠢᠬᠦ》᠎ᠪᠠᠷ ᠭᠤᠤᠯ ᠰᠡᠳᠦᠪ ᠪᠣᠯᠭ᠋ᠠᠵᠤ᠂ ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ ᠬᠠᠷᠢᠶᠠᠨ᠎ᠳᠠᠬᠢ ᠠᠵᠤ ᠠᠬᠤᠶ᠋ᠢᠯᠠᠯ ᠵᠶ᠋ᠠᠨ ᠵᠢᠯᠣᠭᠣᠳᠤᠨ ᠪᠣᠳᠠᠲᠤ ᠰᠣᠷᠢᠯᠲᠠ᠂ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠤᠯᠠᠮ ᠴᠢᠨᠠᠭᠰᠢᠳᠠ ᠪᠡᠬᠢᠵᠢᠭᠦᠯᠪᠡ᠃

ᠪᠠᠶᠠᠨᠨᠠᠭᠤᠷ ᠬᠣᠲᠠ
ᠪᠠᠶᠠᠨᠨᠠᠭᠤᠷ ᠬᠣᠲᠠ ᠵᠢᠨ ᠡᠨᠧᠷᠭᠢ ᠵᠢᠨ ᠪᠦᠯᠦᠭᠯᠡᠯ 《3 M ᠬᠢᠵᠠᠭ᠋ᠠᠷᠲᠤ ᠣᠷᠣᠨ ᠵᠠᠶ᠂ ᠥᠨᠳᠥᠷ᠎ᠲᠤ ᠠᠵᠢᠯᠯᠠᠬᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠰᠣᠷᠢᠯᠲᠠ》᠎ᠪᠠᠷ ᠭᠤᠤᠯ ᠰᠡᠳᠦᠪ ᠪᠣᠯᠭ᠋ᠠᠭᠰᠠᠨ 《ᠵᠢᠭ᠋ᠠᠬᠤ᠂ ᠰᠤᠷᠤᠯᠴᠠᠬᠤ᠂ ᠪᠣᠯᠪᠠᠰᠤᠷᠠᠬᠤ》 ᠵᠢ ᠨᠢᠭᠡ ᠴᠣᠭᠴᠠᠵᠢᠭᠤᠯᠤᠭᠰᠠᠨ ᠠᠮᠤᠷ ᠲᠦᠪᠰᠢᠨ᠎ᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠨᠢᠭᠦᠯᠪᠡ᠃
ᠰᠣᠷᠢᠯᠲᠠ᠎ᠳᠤ 650 ᠲᠡᠭᠰᠢ ᠳᠥᠷᠪᠡᠯᠵᠢᠨ ᠮᠧᠲᠷ᠎ᠤᠨ ᠠᠮᠤᠷ ᠲᠦᠪᠰᠢᠨ᠎ᠤ ᠰᠣᠷᠢᠯᠲᠠ ᠵᠢᠨ ᠲᠣᠭᠣᠷᠢᠭ ᠲᠣᠭᠲᠠᠭ᠋ᠠᠵᠤ᠂ ᠪᠣᠳᠠᠲᠤ ᠦᠵᠡᠭᠳᠡᠯ ᠵᠶ᠋ᠠᠷ ᠳᠠᠭᠤᠷᠢᠶᠠᠮᠠᠯ ᠲᠦᠭᠰᠢᠭᠦᠷᠢᠲᠦ ᠪᠠᠶ᠋ᠢᠳᠠᠯ᠎ᠢ ᠬᠠᠷᠠᠭᠤᠯᠵᠤ᠂ ᠤᠨᠠᠬᠤ ᠵᠢ ᠲᠤᠷᠰᠢᠬᠤ ᠲᠤᠷᠰᠢᠯᠲᠠ ᠪᠠ ᠠᠶᠤᠯ ᠲᠦᠭᠰᠢᠭᠦᠷᠢ ᠵᠢ ᠢᠯᠭ᠋ᠠᠨ ᠲᠠᠨᠢᠬᠤ ᠤᠶᠤᠨᠲᠤ 《ᠬᠦᠷᠦᠯᠴᠡᠭᠦᠷ ᠳᠡᠯᠭᠡᠴᠡ ᠵᠢᠨ ᠪᠤᠷᠤᠭᠤ ᠵᠢ ᠵᠠᠯᠠᠷᠠᠭᠤᠯᠬᠤ ᠲᠣᠭᠯᠠᠭ᠋ᠠᠮ》᠎ᠢ ᠥᠷᠨᠢᠭᠦᠯᠵᠦ᠂ 3 M ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠢ ᠤᠷᠢᠵᠤ ᠠᠮᠤᠷ ᠲᠦᠪᠰᠢᠨ᠎ᠤ ᠤᠷ᠎ᠠ ᠴᠢᠳᠠᠪᠤᠷᠢ ᠵᠢᠨ ᠮᠡᠳᠡᠯᠭᠡ ᠵᠢ ᠪᠦᠬᠦ ᠶᠠᠪᠤᠴᠠ᠎ᠪᠠᠷ᠎ᠨᠢ ᠵᠢᠭ᠋ᠠᠨ ᠵᠢᠯᠤᠭᠤᠳᠤᠭᠤᠯᠵᠤ᠂ ᠪᠣᠯᠪᠠᠰᠤᠷᠠᠯ᠎ᠳᠤ ᠣᠷᠣᠯᠴᠠᠭᠰᠠᠨ 200 ᠭᠠᠷᠤᠢ ᠬᠥᠮᠦᠨ᠎ᠤ ᠠᠶᠤᠯ ᠲᠦᠭᠰᠢᠭᠦᠷᠢ ᠵᠢ ᠲᠦᠷᠭᠡᠨ ᠢᠯᠭ᠋ᠠᠨ ᠲᠠᠨᠢᠬᠤ ᠴᠢᠳᠠᠪᠤᠷᠢ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠶᠠᠪᠤᠴᠠ ᠪᠣᠯᠤᠨ ᠲᠣᠨᠣᠭᠯᠠᠯ᠎ᠤᠨ ᠠᠵᠢᠯᠯᠠᠭ᠋ᠠᠨ᠎ᠤ ᠵᠢᠷᠤᠮᠵᠢᠯ᠎ᠢ ᠪᠣᠯᠪᠠᠰᠤᠷᠠᠩᠭᠤᠢ ᠡᠵᠡᠮᠰᠢᠵᠦ᠂ ᠭᠡᠨᠡᠳᠲᠡ ᠵᠢᠨ ᠪᠠᠶ᠋ᠢᠳᠠᠯ ᠳᠣᠣᠷ᠎ᠠ ᠴᠠᠭ ᠲᠤᠬᠠᠢᠳᠤᠨᠢ ᠲᠠᠭ᠋ᠠᠬᠤ᠂ ᠠᠷᠭ᠎ᠠ ᠬᠡᠮᠵᠢᠶ᠎ᠡ ᠪᠦᠲᠦᠮᠵᠢᠲᠡᠢ ᠪᠠᠶ᠋ᠢᠬᠤ ᠵᠢ ᠦᠨᠡᠨ ᠬᠦ᠌ ᠪᠠᠲᠤᠯᠠᠪᠠ᠃
ᠬᠢᠩᠭ᠋ᠠᠨ ᠠᠶ᠋ᠢᠮᠠᠭ
ᠵᠠᠷᠯᠢᠭ᠎ᠢ ᠰᠣᠨᠣᠰᠤᠮᠠᠭᠴᠠ ᠭᠠᠪᠰᠢᠭ᠋ᠠᠢ ᠰᠢᠯᠢᠳᠡᠭ ᠴᠡᠷᠢᠭ ᠢ ᠬᠥᠳᠡᠯᠭᠡᠵᠦ ᠠᠶᠤᠯᠲᠠᠶ ᠬᠢᠮᠢ ᠵᠢᠨ ᠭᠡᠨᠡᠳᠲᠡ ᠡᠭᠦᠰᠦᠭᠰᠡᠨ ᠬᠡᠷᠡᠭ᠎ᠢ ᠰᠢᠢ᠍ᠳᠪᠦᠷᠢᠯᠡᠬᠦ ᠬᠠᠲᠠᠭᠤ ᠠᠵᠢᠯ᠎ᠢ ᠬᠢᠬᠦ
ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠩᠭ᠋ᠠᠨ᠎ᠤ ᠪᠣᠷᠣᠯᠠᠭᠤᠯᠤᠯᠲᠠ ᠵᠢᠨ ᠬᠤᠪᠢᠶᠠᠷᠢ ᠺᠣᠮᠫᠠᠨᠢ ᠲᠣᠰᠣ ᠰᠠᠪᠠᠯᠠᠬᠤ ᠣᠷᠣᠨ᠎ᠤ ᠭᠠᠯ᠎ᠤᠨ ᠠᠶᠤᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠥᠷᠨᠢᠭᠦᠯᠵᠦ᠂ ᠳᠠᠭᠤᠷᠢᠶᠠᠮᠠᠯ ᠲᠣᠰᠣ ᠵᠢᠨ ᠰᠠᠪᠠ᠎ᠨᠢ ᠹᠠᠯᠠᠨ ᠲᠥᠬᠥᠭᠡᠷᠦᠮᠵᠢ ᠵᠢᠨ ᠭᠡᠮᠲᠦᠯ᠎ᠠᠴᠠ ᠪᠣᠯᠵᠣ ᠲᠣᠰᠣ ᠭᠠᠳᠠᠭᠰᠢ ᠯᠡᠪᠡᠷᠡᠵᠦ᠂ ᠲᠣᠰᠣᠨ ᠬᠥᠮᠥᠷᠭᠡ ᠵᠢᠨ ᠠᠵᠢᠯᠲᠠᠨ ᠲᠣᠰᠣ ᠬᠤᠷᠢᠶᠠᠬᠤ ᠶᠠᠪᠤᠴᠠ᠎ᠳᠤ ᠲᠠᠶ᠋ᠢᠪᠤᠩ ᠴᠠᠬᠢᠯᠭ᠋ᠠᠨ ᠡᠭᠦᠰᠴᠦ ᠭᠠᠯ᠎ᠤᠨ ᠠᠶᠤᠯ ᠭᠠᠷᠤᠭᠰᠠᠨ ᠪᠥᠭᠡᠳ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠦᠳᠲᠡᠷ ᠲᠦᠷᠭᠡᠨ ᠥᠷᠨᠢᠭᠦᠯᠪᠡ᠃ ᠲᠤᠰ ᠤᠳᠠᠭ᠎ᠠ ᠵᠢᠨ ᠰᠣᠷᠢᠯᠲᠠ᠎ᠳᠤ ᠬᠢᠩᠭ᠋ᠠᠨ ᠠᠶ᠋ᠢᠮᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠬᠢ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠡᠷᠭᠡ ᠲᠣᠭᠯᠠᠯᠲᠠ᠎ᠳᠤ 14 ᠨᠢᠭᠡᠴᠢ ᠵᠢᠨ 200 ᠭᠠᠷᠤᠢ ᠬᠥᠮᠦᠨ ᠣᠷᠣᠯᠴᠠᠵᠤ᠂ 20 ᠭᠠᠷᠤᠢ ᠮᠠᠰᠢᠨ ᠲᠡᠷᠭᠡ ᠵᠢ ᠬᠥᠳᠡᠯᠭᠡᠭᠰᠡᠨ ᠪᠥᠭᠡᠳ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠥᠪᠥᠷ ᠮᠣᠩᠭᠣᠯ᠎ᠤᠨ ᠪᠣᠷᠣᠯᠠᠭᠤᠯᠭ᠎ᠠ ᠵᠢᠨ ᠺᠣᠮᠫᠠᠨᠢ᠎ᠪᠠᠷ ᠳᠠᠮᠵᠢᠭᠤᠯᠤᠨ ᠪᠤᠰᠤᠳ ᠠᠶ᠋ᠢᠮᠠᠭ ᠬᠤᠳᠠ᠎ᠳᠤ ᠨᠡᠪᠲᠡᠷᠡᠭᠦᠯᠵᠦ᠂ ᠨᠡᠢ᠍ᠢ᠍ᠳᠡ ᠬᠡᠳᠦᠨ ᠮᠢᠩᠭ᠎ᠠ ᠭᠠᠷᠤᠢ ᠬᠥᠮᠦᠨ ᠲᠣᠭᠣᠷᠢᠨ ᠦᠵᠡᠪᠡ᠃ ᠰᠣᠷᠢᠯᠲᠠ᠎ᠨᠢ ᠪᠣᠳᠠᠲᠤ ᠪᠠᠶ᠋ᠢᠯᠳᠤᠭ᠋ᠠᠨ ᠵᠶ᠋ᠠᠷ ᠤᠳᠤᠷᠢᠳᠤᠮᠵᠢ ᠪᠣᠯᠭ᠋ᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ᠎ᠤᠨ ᠭᠡᠨᠡᠳᠲᠡ ᠵᠢᠨ ᠬᠡᠷᠡᠭ᠎ᠢ ᠬᠠᠮᠵᠢᠯᠴᠠᠨ ᠲᠤᠰᠬᠠᠬᠤ ᠪᠠ ᠠᠷᠭ᠋ᠠᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠪᠡᠯᠡᠳᠬᠡᠯ ᠲᠥᠰᠦᠯ᠎ᠤᠨ ᠥᠨᠳᠥᠷ ᠪᠦᠲᠦᠮᠵᠢᠲᠦ ᠴᠢᠨᠠᠷ ᠪᠣᠯᠤᠨ ᠬᠡᠷᠡᠭᠯᠡᠭᠡᠨ᠎ᠤ ᠴᠢᠨᠠᠷ᠎ᠢ ᠰᠢᠯᠭ᠋ᠠᠨ ᠪᠠᠶ᠋ᠢᠴᠠᠭ᠋ᠠᠵᠤ᠂ ᠠᠶᠤᠯᠲᠠᠶ ᠬᠢᠮᠢ ᠵᠢᠨ ᠪᠣᠳᠠᠰ᠎ᠤᠨ ᠬᠦᠷᠢᠶᠡᠨ᠎ᠳᠠᠬᠢ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠠᠷᠭ᠋ᠠᠴᠠᠨ ᠰᠢᠢ᠍ᠳᠪᠦᠷᠢᠯᠡᠬᠦ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃

