ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠥᠪᠥᠷ ᠮᠣᠩᠭᠣᠯ᠎ᠤᠨ ᠣᠷᠳᠣᠰ ᠬᠣᠲᠠ ᠵᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠪᠡ
ᠨᠡᠶ᠋ᠢᠲᠡᠯᠡᠭᠰᠡᠨ ᠴᠠᠭ᠄ 2024-03-28


   ᠣᠢ᠌ᠷ᠎ᠠ ᠵᠢᠨ ᠬᠤᠭᠤᠴᠠᠭ᠋ᠠᠨ᠎ᠳᠤ᠂ ᠪᠦᠬᠦ ᠤᠯᠤᠰ᠎ᠤᠨ ᠡᠯ᠎ᠡ ᠭᠠᠵᠠᠷ᠎ᠲᠤ ᠭᠠᠯ᠎ᠤᠨ ᠠᠶᠤᠯ᠎ᠤᠨ ᠡᠨᠳᠡᠯ ᠵᠠᠯᠭ᠋ᠠᠭ᠋ᠠᠪᠠᠷ ᠭᠠᠷᠴᠤ ᠣᠯᠠᠨ ᠭᠠᠷᠴᠤ᠂ ᠭᠠᠯ ᠤᠨᠲᠠᠷᠠᠭ᠋ᠠᠵᠤ ᠠᠶᠤᠯ᠎ᠠᠴᠠ ᠬᠠᠮᠠᠭ᠋ᠠᠯᠠᠬᠤ ᠪᠠᠢ᠌ᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠢ᠌ᠨ᠎ᠠ᠃ ᠡᠭᠦᠨ᠎ᠳᠤ ᠬᠠᠨᠳᠤᠭᠤᠯᠤᠨ᠂ ᠥᠪᠥᠷ ᠮᠣᠩᠭᠣᠯ᠎ᠤᠨ ᠣᠷᠳᠣᠰ ᠬᠣᠲᠠ ᠵᠢᠨ ᠠᠶᠤᠯ ᠥᠬᠡᠶ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ᠂ ᠣᠷᠣᠨ ᠰᠠᠭᠤᠴᠠ ᠪᠠ ᠪᠥᠲᠥᠭᠡᠨ ᠪᠠᠢ᠌ᠭᠤᠯᠤᠯᠲᠠ᠂ ᠪᠠᠴᠢᠮ ᠪᠠᠢ᠌ᠳᠠᠯ᠎ᠢ ᠠᠷᠭ᠋ᠠᠴᠠᠬᠤ᠂ ᠭᠠᠯ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠪᠥᠬᠥ ᠬᠣᠲᠠ ᠵᠢᠨ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠴᠢᠩᠭ᠋ᠠᠳᠬᠠᠵᠤ᠂ ᠠᠷᠠᠳ ᠣᠯᠠᠨ᠎ᠤ ᠦᠢᠯᠡᠳᠪᠦᠷᠢᠯᠡᠯ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
   ᠮᠡᠳᠡᠭᠳᠡᠯ᠎ᠳᠤ᠂ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ ᠪᠤᠳᠤᠯ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠡᠯ᠎ᠡ ᠬᠣᠰᠢᠭᠤ ᠲᠣᠭᠣᠷᠢᠭ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠨᠢᠭᠡᠴᠢ ᠵᠢᠨ᠎ᠬᠢᠨ ᠰᠠᠨᠠᠭ᠋ᠠᠰᠢᠷᠠᠬᠤ ᠤᠬᠠᠮᠰᠠᠷ ᠪᠣᠯᠤᠨ ᠬᠣᠷᠢᠭ᠎ᠠ ᠱᠤᠭᠤᠮ᠎ᠤᠨ ᠰᠡᠳᠬᠢᠬᠦᠶ ᠵᠢ ᠢᠮᠠᠭᠲᠠ ᠪᠠᠷᠢᠮᠲᠠᠯᠠᠵᠤ᠂ ᠭᠣᠤᠯ ᠤᠳᠤᠷᠢᠳᠤᠯᠭ᠎ᠠ ᠪᠡᠶ᠎ᠡ᠎ᠪᠠᠷ ᠵᠶ᠋ᠡᠨ ᠠᠳᠬᠤᠵᠤ᠂ ᠪᠡᠶ᠎ᠡ᠎ᠪᠠᠷ ᠵᠶ᠋ᠡᠨ ᠪᠠᠢ᠌ᠴᠠᠭ᠋ᠠᠵᠤ᠂ ᠣᠨᠢᠨ ᠳᠡᠭᠡᠷ᠎ᠡ᠎ᠨᠢ ᠰᠤᠳᠤᠯᠤᠨ ᠮᠠᠭ᠋ᠠᠳᠯᠠᠵᠤ᠂ ᠭᠣᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠵᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠲᠥᠪᠯᠡᠷᠡᠭᠦᠯᠦᠨ ᠠᠷᠢᠯᠭ᠋ᠠᠵᠤ ᠪᠣᠭᠣᠮᠲᠠ ᠰᠢᠪᠲᠤᠯᠬᠤ ᠶᠡᠬᠡ ᠴᠡᠭᠴᠡᠯᠡᠨ ᠵᠠᠰᠠᠬᠤ ᠠᠵᠢᠯᠯᠠᠭ᠎ᠠ ᠪᠣᠯᠤᠨ ᠬᠦᠨᠳᠦ ᠶᠡᠬᠡ ᠭᠠᠯ᠎ᠤᠨ ᠭᠠᠮᠰᠢᠭ᠎ᠤᠨ ᠳᠠᠯᠳᠠ ᠬᠡᠮ᠎ᠤᠨ ᠠᠶᠤᠯ ᠲᠦᠭᠰᠢᠭᠦᠷᠢ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠡᠷᠡᠰ ᠰᠡᠷᠭᠡᠢ᠌ᠯᠡᠨ ᠠᠷᠢᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
   ᠮᠡᠳᠡᠭᠳᠡᠯ᠎ᠳᠤ᠂ ᠤᠬᠠᠭᠤᠯᠭ᠎ᠠ᠎ᠪᠠᠨ ᠴᠢᠩᠭ᠋ᠠᠳᠬᠠᠵᠤ᠂ ᠣᠯᠠᠨ ᠨᠡᠢ᠌ᠲᠡ ᠵᠢᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠴᠢᠳᠠᠪᠤᠷᠢ ᠬᠡᠪ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠣᠰᠢᠭᠤ ᠲᠣᠭᠣᠷᠢᠭ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠨᠢᠭᠡᠴᠢ ᠭᠠᠯ᠎ᠤᠨ ᠭᠠᠮᠰᠢᠭ᠎ᠤᠨ ᠨᠡᠢ᠌ᠲᠡᠯᠢᠭ ᠬᠡᠷᠡᠭ᠎ᠤᠨ ᠰᠡᠷᠡᠮᠵᠢᠯᠡᠭᠦᠯᠦᠯ ᠬᠥᠮᠦᠵᠢᠯ᠎ᠢ ᠴᠢᠩᠭ᠋ᠠᠳᠬᠠᠵᠤ᠂ ᠠᠶᠤᠯᠭᠦᠶ᠎ᠪᠠᠷ ᠭᠠᠯ ᠬᠡᠷᠡᠭᠯᠡᠬᠦ ᠴᠠᠬᠢᠯᠭ᠋ᠠᠨ ᠬᠡᠷᠡᠭᠯᠡᠬᠦ ᠰᠢᠲᠠᠮᠠᠬᠠᠶ ᠬᠡᠶ ᠬᠡᠷᠡᠭᠯᠡᠬᠦ᠂ ᠠᠮᠢ ᠨᠠᠰᠤᠨ᠎ᠤ ᠨᠡᠪᠲᠡᠷᠡᠬᠦ ᠵᠠᠮ᠎ᠢ ᠰᠢᠯᠤᠭᠤᠳᠬᠠᠬᠤ᠂ ᠪᠠᠴᠢᠮ ᠪᠠᠢ᠌ᠳᠠᠯ᠎ᠢ ᠠᠷᠭ᠋ᠠᠴᠠᠵᠤ ᠲᠠᠷᠬᠠᠭ᠋ᠠᠨ ᠠᠮᠢ ᠵᠢᠭᠤᠲᠠᠬᠤ ᠵᠡᠷᠭᠡ ᠶᠡᠷᠦ ᠵᠢᠨ ᠮᠡᠳᠡᠯᠭᠡ ᠵᠢᠨ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠵᠦ᠂ ᠭᠠᠯ ᠰᠡᠷᠭᠡᠢ᠌ᠯᠡᠯᠲᠡ ᠵᠢᠨ ᠠᠮᠤᠷ ᠲᠦᠪᠰᠢᠨ᠎ᠤ ᠰᠣᠷᠢᠯᠲᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠨᠡᠢ᠌ᠭᠡᠮ ᠵᠶ᠋ᠡᠷ ᠵᠶ᠋ᠡᠨ ᠭᠠᠯ ᠰᠡᠷᠭᠡᠢ᠌ᠯᠡᠯᠲᠡ ᠵᠢᠨ ᠠᠵᠢᠯ᠎ᠳᠤ ᠣᠷᠣᠯᠴᠠᠭᠰᠠᠨ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
   ᠮᠡᠳᠡᠭᠳᠡᠯ᠎ᠳᠤ᠂ ᠱᠠᠯᠠᠪᠳᠠᠭᠤᠯᠤᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠭᠠᠯ᠎ᠤᠨ ᠠᠶᠤᠯ᠎ᠢ ᠰᠡᠷᠭᠡᠢ᠌ᠯᠡᠬᠦ ᠠᠷᠭ᠎ᠠ ᠬᠡᠮᠵᠢᠢ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠠᠵᠢᠯ ᠵᠶ᠋ᠠᠨ ᠨᠠᠢ᠌ᠳᠠᠪᠤᠷᠢᠵᠢᠭᠤᠯᠬᠤ ᠦᠭᠡᠶ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠢ᠎ᠳᠤ 《ᠢᠯᠡᠭᠦᠬᠡᠨ ᠨᠡᠪᠲᠡᠷᠡᠭᠦᠯᠵᠦ᠂ ᠰᠢᠮᠳᠠᠭᠤᠯᠬᠤ ᠵᠠᠬᠢᠳᠠᠯ ᠢᠯᠡᠭᠦᠬᠡᠨ ᠶᠠᠪᠤᠭᠤᠯᠵᠤ᠂ ᠢᠯᠡᠭᠦᠬᠡᠨ ᠳᠠᠯᠳᠠᠭᠤᠷ ᠰᠤᠷᠪᠤᠯᠵᠢᠯᠠᠵᠤ》᠂ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃ ᠨᠡᠯᠢᠶᠡᠳ ᠶᠡᠬᠡ ᠵᠢᠴᠢ ᠲᠡᠭᠦᠨ᠎ᠠᠴᠠ ᠳᠡᠭᠡᠭᠰᠢᠬᠢ ᠪᠠ ᠭᠠᠯ᠎ᠤᠨ ᠠᠶᠤᠯ᠎ᠢ ᠨᠥᠯᠥᠭᠡᠯᠡᠬᠦ ᠡᠨᠳᠡᠯ ᠭᠠᠷᠤᠭᠰᠠᠨ ᠪᠣᠯ ᠬᠣᠯᠪᠣᠭᠳᠠᠯ ᠪᠦᠬᠦᠢ ᠨᠢᠭᠡᠴᠡ ᠪᠣᠯᠤᠨ ᠬᠥᠮᠦᠰ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠪᠥᠬᠥ ᠬᠣᠲᠠ ᠵᠢᠨ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠣᠷᠳᠣᠰ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠬᠢᠪᠠ
2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠠᠯᠠᠱ᠌ᠠ ᠠᠢ᠌ᠮᠠᠭ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠬᠥᠬᠡᠬᠣᠲᠠ᠄ ᠬᠠᠩᠰᠢ ᠵᠢᠨ ᠠᠮᠠᠷᠠᠯᠲᠠ᠎ᠳᠤ ᠭᠠᠯ ᠰᠡᠷᠭᠡᠢ᠌ᠯᠡᠬᠦ ᠠᠵᠢᠯ ᠶᠠᠭ᠋ᠠᠷᠠᠤ
 
            