3 ᠳ᠋ᠤᠭ᠋ᠠᠷ ᠰᠠᠷ᠎ᠠ ᠵᠢᠨ 29᠎ᠤ ᠡᠳᠦᠷ᠂ ᠥᠪᠥᠷ ᠮᠣᠩᠭᠣᠯ᠎ᠤᠨ ᠣᠷᠳᠣᠰ ᠬᠣᠲᠠ ᠳ᠋ᠦᠩᠱ᠌ᠧᠩ ᠲᠣᠭᠣᠷᠢᠭ᠎ᠤᠨ ᠬᠠᠨᠲᠠᠶ ᠪᠠᠯᠭ᠋ᠠᠰᠤᠨ᠎ᠳᠤ 2024 ᠣᠨ᠎ᠤ ᠪᠥᠬᠥ ᠬᠣᠲᠠ ᠵᠢᠨ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠶᠡᠷᠦᠩᠬᠡᠢ᠌ᠯᠡᠭᠰᠡᠨ ᠪᠣᠳᠠᠲᠤ ᠪᠠᠢ᠌ᠯᠳᠤᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠬᠢᠪᠠ᠃

ᠲᠣᠰ ᠤᠳᠠᠭ᠋ᠠᠨ᠎ᠤ ᠰᠣᠷᠢᠯᠲᠠ᠎ᠨᠢ ᠭᠠᠯ ᠭᠠᠷᠤᠭᠰᠠᠨ ᠭᠠᠵᠠᠷ ᠠᠴᠠ ᠠᠮᠢ ᠵᠢᠭᠤᠲᠠᠬᠤ᠂ ᠭᠡᠨᠡᠳᠲᠡ ᠡᠭᠦᠰᠦᠭᠰᠡᠨ ᠪᠠᠭ᠎ᠠ ᠵᠡᠷᠭᠡ ᠵᠢᠨ ᠣᠶ ᠰᠢᠭᠤᠶ ᠵᠢᠨ ᠭᠠᠯ᠎ᠢ ᠰᠢᠢᠳᠪᠦᠷᠢᠯᠡᠬᠦ ᠪᠠ ᠭᠡᠨᠡᠳᠲᠡ ᠡᠭᠦᠰᠦᠭᠰᠡᠨ ᠨᠡᠯᠢᠶᠡᠳ ᠶᠡᠬᠡ ᠣᠶ ᠰᠢᠭᠤᠶ ᠵᠢᠨ ᠭᠠᠯ᠎ᠢ ᠰᠢᠢᠳᠪᠦᠷᠢᠯᠡᠬᠦ ᠰᠣᠷᠢᠯᠲᠠ ᠭᠡᠵᠦ ᠬᠤᠪᠢᠶᠠᠨ᠎ᠠ᠃

ᠰᠣᠷᠢᠯᠲᠠ᠎ᠨᠢ ᠴᠡᠷᠢᠭ ᠠᠩᠭᠢ ᠪᠣᠯᠤᠨ ᠣᠷᠣᠨ ᠨᠤᠲᠤᠭ ᠬᠣᠯᠪᠣᠭ᠋ᠠᠯᠠᠬᠤ᠂ ᠬᠣᠰᠢᠭᠤ ᠲᠣᠭᠣᠷᠢᠭ ᠠᠯᠤᠰᠯᠠᠨ ᠲᠤᠰᠠᠯᠠᠨ ᠪᠠᠢ᠌ᠯᠳᠤᠬᠤ ᠬᠡᠯᠪᠡᠷᠢ ᠪᠠᠷ ᠡᠷᠦᠬᠡ ᠵᠢᠨ ᠴᠡᠷᠢᠭ᠎ᠤᠨ ᠬᠦᠴᠦᠨ᠎ᠢ ᠰᠢᠯᠵᠢᠭᠦᠯᠦᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠤᠪᠢᠶᠠᠷᠢ ᠠᠩᠭᠢ ᠪᠣᠯᠭ᠋ᠠᠵᠠᠶ᠃ 170 ᠭᠠᠷᠤᠶ ᠲᠤᠰᠬᠠᠶ ᠮᠡᠷᠭᠡᠵᠢᠯ᠎ᠤᠨ ᠭᠡᠰᠢᠭᠦᠨ ᠭᠠᠯ ᠤᠨᠲᠠᠷᠠᠭ᠋ᠠᠬᠤ ᠡᠮᠬᠢ ᠵᠢᠷᠤᠮ᠂ ᠭᠠᠯ ᠤᠨᠲᠠᠷᠠᠭ᠋ᠠᠬᠤ ᠠᠷᠭ᠎ᠠ ᠬᠡᠯᠪᠡᠷᠢ᠂ ᠭᠠᠯ ᠤᠨᠲᠠᠷᠠᠭ᠋ᠠᠵᠤ ᠥᠪᠡᠷ᠎ᠢ᠎ᠪᠠᠨ ᠠᠪᠤᠷᠠᠬᠤ ᠵᠡᠷᠭᠡ ᠬᠣᠯᠪᠣᠭᠳᠠᠯ ᠪᠦᠬᠦᠢ ᠠᠵᠢᠯ᠎ᠳᠤ ᠴᠢᠭᠯᠡᠭᠦᠯᠦᠨ ᠪᠣᠳᠠᠲᠤ ᠪᠣᠯᠪᠠᠰᠤᠷᠠᠯ ᠥᠷᠨᠢᠭᠦᠯᠪᠡ᠃