ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠲᠦᠩᠯᠢᠶᠣᠤ ᠬᠣᠲᠠ ᠪᠥᠬᠥ ᠬᠣᠲᠠ ᠵᠢᠨ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-19


    3 ᠳ᠋ᠤᠭ᠋ᠠᠷ ᠰᠠᠷ᠎ᠠ ᠵᠢᠨ 19᠎ᠤ ᠡᠳᠦᠷ᠂ ᠲᠦᠩᠯᠢᠶᠣᠤ ᠬᠣᠲᠠ᠎ᠨᠢ ᠪᠥᠬᠥ ᠬᠣᠲᠠ ᠵᠢᠨ ᠠᠶᠤᠯ ᠥᠬᠡᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠸᠧᠶ ᠬᠣᠩ ᠲᠤᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠬᠣᠲᠠ ᠵᠢᠨ ᠠᠶᠤᠯ ᠥᠬᠡᠶ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ ᠠᠶᠤᠯᠭᠦᠶ ᠦᠢᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ᠎ᠢ ᠨᠡᠢ᠌ᠲᠡᠯᠡᠵᠦ᠂ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠺᠠᠩ ᠶᠦᠩ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
    ᠬᠤᠷᠠᠯ᠎ᠠᠴᠠ᠂ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠪᠣᠯ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠤᠯᠤᠰ ᠲᠦᠷᠦ ᠵᠢᠨ ᠡᠭᠦᠷᠭᠡ ᠮᠥᠨ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠭᠤᠷᠪᠠᠨ ᠵᠢᠯ᠎ᠤᠨ ᠠᠵᠢᠯᠯᠠᠭ᠎ᠠ᠎ᠳᠤ ᠲᠣᠭᠲᠠᠭ᠋ᠠᠭᠰᠠᠨ ᠬᠠᠷᠠᠯᠲᠠ ᠵᠢ ᠪᠣᠳᠠᠲᠠᠢ ᠡᠭᠦᠷᠭᠡ ᠪᠣᠯᠭ᠋ᠠᠨ ᠬᠤᠪᠢᠷᠠᠭᠤᠯᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ ᠬᠡᠵᠡᠢ᠃
    ᠬᠤᠷᠠᠯ᠎ᠠᠴᠠ᠂ ᠲᠤᠰ ᠤᠳᠠᠭ᠎ᠠ ᠵᠢᠨ ᠦᠨᠳᠦᠰᠦ᠎ᠠᠴᠠ᠎ᠨᠢ ᠵᠠᠰᠠᠵᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ᠎ᠳᠤ᠂ ᠪᠣᠯᠪᠠᠰᠤᠷᠠᠯ ᠬᠥᠮᠦᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠬᠥᠮᠦᠰ ᠲᠡᠢ᠌ᠰᠢ ᠭᠣᠣᠯᠳᠠᠯᠭ᠎ᠠ᠎ᠲᠠᠢ ᠥᠷᠭᠡᠳᠬᠡᠬᠦ ᠬᠡᠷᠡᠭᠲᠡᠢ᠃ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠲᠦᠮᠡᠨ᠎ᠤ ᠨᠡᠢ᠌ᠭᠡᠮ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠶᠡᠷᠦᠩᠬᠡᠢ᠌ᠯᠡᠭᠰᠡᠨ ᠦᠨᠡᠯᠡᠯᠲᠡ ᠵᠢ ᠬᠡᠷᠡᠭᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠬᠦᠨᠳᠦ ᠶᠡᠬᠡ ᠬᠡᠮ ᠰᠣᠭᠣᠭ᠎ᠢ ᠬᠥᠳᠡᠯᠦᠩᠭᠦᠶ᠎ᠪᠠᠷ ᠦᠭᠡᠢ᠌ᠰᠬᠡᠬᠦ ᠵᠢ ᠭᠣᠤᠯᠳᠠᠯᠭ᠎ᠠ᠎ᠲᠠᠢ ᠥᠷᠨᠢᠭᠦᠯᠵᠦ᠂ ᠠᠰᠠᠭᠤᠳᠠᠯ᠎ᠤᠨ ᠬᠡᠮ ᠰᠣᠭᠣᠭ᠎ᠢ ᠬᠥᠳᠡᠯᠦᠩᠭᠦᠶ᠎ᠪᠠᠷ ᠢᠯᠡᠷᠡᠭᠦᠯᠵᠦ᠂ ᠲᠤᠢ᠌ᠯᠪᠤᠷᠢᠲᠠᠶ ᠦᠭᠡᠢ᠌ᠰᠬᠡᠬᠦ ᠬᠡᠷᠡᠭᠲᠡᠶ᠃ ᠰᠠᠭᠤᠷᠢ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠭᠤᠴᠢᠨ ᠲᠤᠨᠤᠭ ᠲᠥᠬᠥᠭᠡᠷᠦᠮᠵᠢ ᠵᠢ ᠥᠭᠡᠷᠡᠴᠢᠯᠡᠨ ᠰᠠᠢ᠌ᠵᠢᠷᠠᠭᠤᠯᠬᠤ ᠵᠢ ᠠᠬᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠳᠠᠪᠤᠷᠢ ᠵᠢᠨ ᠰᠠᠭᠤᠷᠢ ᠵᠢ ᠪᠡᠬᠢᠵᠢᠭᠦᠯᠬᠦ ᠬᠡᠷᠡᠭᠲᠡᠢ᠃ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ᠂ ᠬᠣᠲᠠ ᠪᠠᠯᠭ᠋ᠠᠰᠤᠨ᠎ᠤ ᠰᠢᠲᠠᠮᠠᠬᠠᠶ ᠬᠡᠶ ᠵᠡᠷᠭᠡ ᠭᠣᠤᠯᠳᠠᠯᠭ᠎ᠠ᠎ᠲᠠᠢ ᠬᠦᠷᠢᠶᠡᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠭᠦᠨᠵᠡᠭᠡᠶ ᠪᠠᠢ᠌ᠴᠠᠭ᠋ᠠᠵᠤ ᠦᠨᠡᠨ ᠬᠦ᠌ ᠰᠠᠢ᠌ᠵᠢᠷᠠᠭᠤᠯᠬᠤ ᠵᠢ ᠠᠬᠢᠭᠤᠯᠵᠤ᠂ ᠠᠰᠠᠭᠤᠳᠠᠯ᠎ᠤᠨ ᠬᠡᠮ ᠰᠣᠭᠣᠭ᠎ᠢ ᠦᠨᠳᠦᠰᠦᠨ᠎ᠠᠴᠠ᠎ᠨᠢ ᠠᠷᠢᠯᠭ᠋ᠠᠬᠤ ᠬᠡᠷᠡᠭᠲᠡᠶ ᠬᠡᠵᠡᠢ᠃
    ᠬᠤᠷᠠᠯ᠎ᠠᠴᠠ ᠱᠠᠭ᠋ᠠᠷᠳᠠᠭᠰᠠᠨ᠎ᠨᠢ᠂ ᠮᠠᠨ᠎ᠤ ᠬᠣᠲᠠ ᠵᠢᠨ ᠣᠢ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ᠎ᠳᠤ ᠲᠤᠯᠭ᠋ᠠᠷᠠᠵᠤ   ᠪᠠᠢ᠌ᠭ᠎ᠠ ᠰᠢᠨ᠎ᠡ   ᠪᠠᠢ᠌ᠳᠠᠯ᠂ ᠰᠢᠨ᠎ᠡ ᠠᠰᠠᠭᠤᠳᠠᠯ᠎ᠢ ᠨᠠᠷᠢᠨ ᠬᠢᠨᠠᠮᠠᠭ᠋ᠠᠶ ᠵᠠᠳᠠᠯᠬᠤ ᠬᠡᠷᠡᠭᠲᠡᠶ᠃ ᠲᠣᠤᠷᠴᠢᠯᠠᠭᠰᠠᠨ ᠭᠠᠯ ᠰᠡᠷᠭᠡᠢ᠌ᠯᠡᠬᠦ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠴᠠᠭ ᠠᠭᠤᠷ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ ᠠᠵᠢᠯ᠎ᠢ ᠰᠠᠢ᠌ᠲᠤᠷ ᠠᠳᠬᠤᠵᠤ᠂ ᠭᠣᠣᠯᠳᠠᠯᠭ᠎ᠠ᠎ᠲᠠᠢ ᠣᠷᠣᠨ ᠪᠠᠢ᠌ᠷᠢ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠭᠣᠣᠯᠳᠠᠯᠭ᠎ᠠ᠎ᠲᠠᠢ ᠬᠥᠮᠦᠰ᠎ᠢ ᠴᠢᠩᠭ᠎ᠠ ᠠᠩᠬᠠᠷᠴᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠦᠯ᠎ᠢ ᠲᠡᠭᠦᠯᠳᠡᠷᠵᠢᠭᠦᠯᠵᠦ᠂ ᠪᠣᠳᠠᠲᠤ ᠪᠠᠢ᠌ᠯᠳᠤᠭ᠋ᠠᠨ᠎ᠤ ᠰᠣᠷᠢᠯᠲᠠ ᠵᠢ ᠵᠣᠬᠢᠶᠠᠨ ᠪᠠᠢ᠌ᠭᠤᠯᠵᠤ᠂ ᠠᠶᠤᠯ ᠭᠠᠮᠰᠢᠭ᠎ᠠᠴᠠ ᠠᠪᠤᠷᠠᠬᠤ ᠪᠣᠳᠠᠲᠤ ᠪᠠᠢ᠌ᠯᠳᠤᠭ᠋ᠠᠨ᠎ᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠂ ᠤᠬᠠᠭᠤᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠠᠨ ᠲᠦᠮᠡᠨ᠎ᠤ ᠥᠪᠡᠷ ᠵᠶ᠋ᠡᠨ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠵᠦ᠂ ᠮᠡᠷᠭᠡᠵᠢᠯ ᠵᠶ᠋ᠡᠷ ᠰᠡᠷᠭᠡᠢ᠌ᠯᠡᠬᠦ᠂ ᠬᠥᠮᠦᠨ ᠵᠶ᠋ᠡᠷ ᠰᠡᠷᠭᠡᠢ᠌ᠯᠡᠬᠦ ᠠᠯᠢ᠎ᠨᠢ ᠴᠦ᠍ ᠳᠤᠲᠠᠭᠳᠠᠵᠤ ᠪᠣᠯᠬᠤ ᠦᠭᠡᠢ ᠪᠠᠢ᠌ᠬᠤ ᠵᠢ ᠦᠨᠡᠨ ᠬᠦ᠌ ᠪᠡᠶᠡᠯᠡᠭᠦᠯᠵᠦ᠂ ᠡᠷᠲᠡ᠎ᠠᠴᠠ ᠬᠢᠬᠦ᠂ ᠪᠠᠭ᠎ᠠ ᠳᠡᠭᠡᠷ᠎ᠡ᠎ᠨᠢ ᠬᠢᠬᠦ ᠵᠢ ᠦᠨᠡᠨ ᠬᠦ᠌ ᠪᠡᠶᠡᠯᠡᠭᠦᠯᠵᠦ᠂ ᠲᠦᠢ᠍ᠮᠡᠷ᠎ᠢ ᠰᠡᠷᠭᠡᠢ᠌ᠯᠡᠬᠦ 《ᠡᠴᠦᠰ᠎ᠤᠨ ᠨᠢᠭᠡ   ᠺᠢᠯᠣᠮᠧᠲᠷ》᠎ᠢ ᠦᠨᠡᠨ ᠬᠦ᠌ ᠨᠡᠪᠲᠡᠷᠡᠭᠦᠯᠵᠦ᠂ ᠬᠠᠪᠤᠷ᠎ᠤᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠳᠣᠰ ᠬᠣᠲᠠ ᠬᠠᠪᠤᠷ᠎ᠤᠨ ᠤᠯᠠᠷᠢᠯ᠎ᠤᠨ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠬᠢᠪᠠ
2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠠᠯᠠᠱ᠌ᠠ ᠠᠢ᠌ᠮᠠᠭ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠬᠥᠬᠡᠬᠣᠲᠠ᠄ ᠬᠠᠩᠰᠢ ᠵᠢᠨ ᠠᠮᠠᠷᠠᠯᠲᠠ᠎ᠳᠤ ᠭᠠᠯ ᠰᠡᠷᠭᠡᠢ᠌ᠯᠡᠬᠦ ᠠᠵᠢᠯ ᠶᠠᠭ᠋ᠠᠷᠠᠤ
ᠬᠥᠬᠡᠬᠣᠲᠠ ᠵᠢᠨ ᠡᠮ ᠡᠮᠴᠢᠯᠡᠭᠡ ᠬᠤᠳᠠᠯᠳᠤᠨ ᠠᠪᠬᠤ ᠲᠥᠪ ᠫᠠᠢ᠌ᠰᠠ ᠰᠡᠬᠦᠪᠡ
 
            