ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
2024 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠤᠬᠠᠭᠤᠯᠭ᠎ᠠ ᠵᠢᠨ ᠰᠠᠷ᠎ᠠ ᠵᠢᠩᠬᠢᠨᠢ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2024-03-29


    ᠣᠢ᠌ᠷ᠎ᠠ᠎ᠳᠤ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠤᠬᠠᠭᠤᠯᠭ᠎ᠠ ᠵᠢᠨ ᠰᠠᠷ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠠᠯᠪᠠᠨ ᠬᠡᠷ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠣᠶ ᠰᠢᠭᠤᠶ ᠵᠢᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠶ ᠠᠩᠭᠢ᠂ ᠬᠥᠬᠡᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠠᠯᠪᠠᠨ ᠬᠡᠷ᠎ᠠᠴᠠ ᠳᠠᠭ᠋ᠠᠭ᠋ᠠᠴᠢᠯᠠᠨ ᠡᠷᠭᠢᠯᠡᠪᠡ ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠣᠶ ᠰᠢᠭᠤᠶ ᠵᠢᠨ ᠭᠠᠯ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠶ ᠠᠩᠭᠢ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠥᠬᠡᠬᠣᠲᠠ ᠵᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠤᠳᠤᠷᠢᠳᠤᠯᠭ᠎ᠠ ᠭᠣᠤᠯ ᠬᠤᠷᠠᠯ᠎ᠤᠨ ᠲᠠᠯᠠᠪᠠᠶ᠎ᠳᠤ ᠠᠵᠢᠯᠯᠠᠭ᠎ᠠ᠎ᠳᠤ ᠣᠷᠣᠯᠴᠠᠵᠤ᠂ ᠪᠤᠰᠤᠳ 11 ᠠᠢ᠌ᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠠᠯᠪᠠᠨ ᠬᠡᠷ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢᠯᠡᠳᠪᠦᠷᠢ ᠵᠢᠨ ᠪᠦᠯᠦᠭᠯᠡᠯ᠎ᠤᠨ ᠣᠶ ᠰᠢᠭᠤᠶ ᠵᠢᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠠᠯᠪᠠᠨ ᠬᠡᠷ ᠸᠢᠳᠢᠣ᠋᠎ᠪᠠᠷ ᠣᠷᠣᠯᠴᠠᠪᠠ ᠃
    ᠡᠬᠢᠯᠡᠯᠲᠡ ᠵᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢᠮᠡᠷ᠎ᠢ ᠤᠨᠲᠠᠷᠠᠭ᠋ᠠᠬᠤ ᠠᠩᠭᠢ ᠵᠢᠨ ᠲᠥᠯᠥᠭᠡᠯᠡᠭᠴᠢ ᠬᠠᠪᠤᠷ᠎ᠤᠨ ᠰᠡᠷᠭᠡᠢ᠌ᠯᠡᠯᠲᠡ ᠵᠢᠨ ᠲᠡᠢ᠌ᠨ᠎ᠳᠤ ᠪᠡᠯᠡᠳᠬᠡᠬᠦ ᠲᠠᠩᠭ᠋ᠠᠷᠢᠭ ᠬᠢᠵᠦ᠂ ᠬᠣᠯᠪᠣᠭᠳᠠᠯ ᠪᠥᠬᠥᠶ ᠤᠳᠤᠷᠢᠳᠤᠯᠭ᠎ᠠ ᠶᠣᠰᠣᠯᠠᠯ ᠡᠬᠢᠯᠡᠭᠰᠡᠨ᠎ᠢ ᠵᠠᠷᠯᠠᠵᠠᠶ ᠃ ᠲᠤᠬᠠᠶ ᠵᠢᠨ ᠲᠠᠯᠠᠪᠠᠶ ᠵᠢᠨ ᠠᠵᠢᠯᠲᠠᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠨ ᠭᠠᠯ ᠤᠨᠲᠠᠷᠠᠭ᠋ᠠᠬᠤ ᠰᠠᠢ᠌ᠨ ᠳᠤᠷ᠎ᠠ ᠵᠢᠨ ᠠᠵᠢᠯᠯᠠᠭᠰᠠᠳ ᠭᠠᠯ ᠰᠡᠷᠭᠡᠢ᠌ᠯᠡᠬᠦ ᠤᠬᠠᠭᠤᠯᠭ᠎ᠠ ᠵᠢᠨ ᠬᠠᠭᠤᠳᠠᠰᠤ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠤᠬᠠᠭᠤᠯᠭ᠎ᠠ ᠵᠢᠨ ᠹᠢᠯᠢᠮ ᠨᠡᠪᠲᠡᠷᠡᠭᠦᠯᠬᠦ᠂ ᠪᠢᠴᠢᠭᠡᠰᠦ ᠡᠯᠭᠦᠬᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠨ ᠭᠠᠯ ᠤᠨᠲᠠᠷᠠᠭ᠋ᠠᠬᠤ ᠲᠣᠨᠣᠭ ᠲᠥᠬᠥᠭᠡᠷᠦᠮᠵᠢ  ᠵᠢ ᠳᠡᠯᠭᠡᠨ ᠦᠵᠡᠭᠦᠯᠬᠦ ᠵᠡᠷᠭᠡ ᠣᠯᠠᠨ ᠵᠦᠢᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠨᠡᠢ᠌ᠲᠡ ᠵᠢᠨ ᠭᠠᠯ ᠰᠡᠷᠭᠡᠢ᠌ᠯᠡᠬᠦ ᠦᠵᠡᠯ ᠤᠬᠠᠮᠰᠠᠷ᠎ᠢ ᠦᠨᠡᠨᠬᠦ   ᠳᠡᠭᠡᠭᠰᠢᠯᠡᠭᠦᠯᠬᠦ ᠵᠢ ᠵᠤᠷᠢᠵᠠᠢ᠃
     ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠠᠯᠪᠠᠨ ᠬᠡᠷ᠎ᠨᠢ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠦᠨᠳᠦᠰᠦᠯᠡᠨ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠲᠦᠢᠮᠡᠷ᠎ᠢ ᠰᠡᠷᠭᠡᠢ᠌ᠯᠡᠬᠦ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠥᠬᠥ ᠲᠠᠯ᠎ᠠ᠎ᠪᠠᠷ ᠪᠣᠶ ᠪᠣᠯᠭ᠋ᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠳᠣᠭᠢᠷᠠᠭᠤᠯᠤᠨ ᠡᠯ᠎ᠡ ᠵᠦᠢᠯ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠨᠡᠢ᠌ᠭᠡᠮ᠎ᠤᠨ ᠣᠯᠠᠨ ᠲᠦᠮᠡᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠣᠢ᠌ᠯᠠᠭ᠋ᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠲᠦᠢᠮᠡᠷ᠎ᠢ ᠰᠡᠷᠭᠡᠢ᠌ᠯᠡᠨ ᠤᠨᠲᠠᠷᠠᠭ᠋ᠠᠬᠤ ᠠᠷᠠᠳ ᠲᠦᠮᠡᠨ᠎ᠤ ᠰᠡᠷᠭᠡᠢ᠌ᠯᠡᠯᠲᠡ ᠵᠢᠨ ᠱᠤᠭᠤᠮ᠎ᠢ ᠡᠷᠡᠰ ᠪᠠᠲᠤ ᠪᠠᠢ᠌ᠭᠤᠯᠤᠨ᠎ᠠ ᠃


8-5.jpg

8-6.jpg

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠬᠥᠬᠡᠬᠣᠲᠠ᠄ ᠬᠠᠩᠰᠢ ᠵᠢᠨ ᠠᠮᠠᠷᠠᠯᠲᠠ᠎ᠳᠤ ᠭᠠᠯ ᠰᠡᠷᠭᠡᠢ᠌ᠯᠡᠬᠦ ᠠᠵᠢᠯ ᠶᠠᠭ᠋ᠠᠷᠠᠤ
ᠬᠥᠬᠡᠬᠣᠲᠠ ᠵᠢᠨ ᠡᠮ ᠡᠮᠴᠢᠯᠡᠭᠡ ᠬᠤᠳᠠᠯᠳᠤᠨ ᠠᠪᠬᠤ ᠲᠥᠪ ᠫᠠᠢ᠌ᠰᠠ ᠰᠡᠬᠦᠪᠡ
ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠪᠠ
《ᠪᠡᠶ᠎ᠡ ᠵᠢᠨ ᠪᠠᠢ᠌ᠴᠠᠭ᠋ᠠᠯᠲᠠ ᠵᠢᠨ ᠬᠡᠯᠪᠡᠷᠢ ᠵᠢᠨ ᠬᠢᠨᠠᠯᠲᠠ ᠬᠠᠮᠢᠶᠠᠷᠤᠯᠲᠠ》 ᠵᠢᠨ ᠰᠢᠨ᠎ᠡ ᠵᠠᠭᠪᠤᠷ᠎ᠢ ᠨᠠᠢ᠌ᠳᠠᠪᠤᠷᠢᠵᠢᠭᠤᠯᠤᠨ᠎ᠠ᠄ ᠲᠦᠮᠡᠳ ᠵᠡᠭᠦᠨ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠶᠠᠲᠤ ᠣᠷᠣᠨ᠎ᠤ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ᠎ᠳᠤ ᠡᠮ᠎ᠤᠨ ᠵᠦᠢ᠍ᠯ ᠪᠠ ᠪᠠᠭ᠋ᠠᠵᠢ ᠬᠡᠷᠡᠭᠰᠡᠯ᠎ᠤᠨ ᠠᠮᠤᠷ ᠲᠥᠪᠰᠢᠨ᠎ᠤ ᠬᠢᠨᠠᠨ ᠪᠠᠢ᠌ᠴᠠᠭ᠋ᠠᠯᠲᠠ ᠬᠢᠪᠡ
 
            