ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠠᠯᠠᠱ᠌ᠠ ᠠᠢ᠌ᠮᠠᠭ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2024-03-21


     3 ᠳ᠋ᠤᠭ᠋ᠠᠷ ᠰᠠᠷ᠎ᠠ ᠵᠢᠨ 21᠎ᠤ ᠡᠳᠦᠷ᠂ ᠠᠯᠠᠱ᠌ᠠ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠸᠧᠶ ᠭᠦᠸᠧ ᠴᠢᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
     ᠲᠣᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ ᠵᠢ ᠠᠯᠠᠱ᠌ᠠ ᠠᠢ᠌ᠮᠠᠭ᠎ᠤᠨ ᠠᠶᠤᠯ ᠥᠬᠡᠶ ᠦᠢᠯᠡᠳᠪᠦᠷᠢᠯᠡᠯ᠎ᠤᠨ ᠬᠠᠤᠯᠢ ᠬᠡᠷᠡᠭᠵᠢᠭᠦᠯᠵᠦ ᠪᠠᠢ᠌ᠭ᠎ᠠ ᠣᠳᠣᠬᠢ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠠᠷᠤᠭ᠎ᠠ ᠵᠦ᠍ ᠯᠢ ᠺᠦᠨ ᠪᠣᠯᠤᠨ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠤᠯᠢ ᠴᠠᠭ᠋ᠠᠵᠠ ᠵᠢᠨ ᠤᠬᠠᠭ᠋ᠠᠨ᠎ᠤ ᠭᠠᠵᠠᠷ᠎ᠤᠨ ᠠᠬᠠᠯᠠᠭᠴᠢ ᠳ᠋ᠣᠺᠲ᠋ᠣᠷ᠂ ᠳᠡᠳ᠋ ᠫᠷᠤᠹᠧᠰᠰᠤᠷ ᠴᠧᠩ ᠵᠢᠶᠠᠨ᠎ᠢ ᠤᠷᠢᠵᠤ ᠬᠠᠤᠯᠢ ᠬᠡᠷᠡᠭᠵᠢᠭᠦᠯᠬᠦ ᠠᠯᠬᠤᠮ ᠳᠠᠷᠠᠭ᠎ᠠ ᠪᠠ 《ᠵᠠᠰᠠᠭ ᠵᠠᠬᠢᠷᠭ᠋ᠠᠨ᠎ᠤ  ᠰᠢᠢ᠍ᠳᠬᠡᠯ ᠲᠣᠷᠭ᠋ᠠᠭᠤᠯᠢ ᠵᠢᠨ ᠬᠠᠤᠯᠢ》 ᠵᠢᠨ ᠲᠣᠭᠣᠷᠢᠨ᠎ᠳᠤ ᠲᠤᠰᠬᠠᠶ ᠰᠡᠳᠦᠪ ᠵᠶ᠋ᠡᠷ ᠬᠢᠴᠢᠶᠡᠯ ᠣᠷᠣᠭᠤᠯᠪᠠ᠃ ᠮᠦᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ᠂ ᠭᠤᠷᠪᠠᠨ ᠵᠦᠢ᠍ᠯ᠎ᠤᠨ ᠳᠦᠷᠢᠮ᠂ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠪᠦᠬᠦ ᠲᠠᠯ᠎ᠠ᠎ᠪᠠᠷ ᠬᠢᠴᠢᠶᠡᠯᠯᠡᠪᠡ᠃ ᠡᠭᠦᠨ᠎ᠤ ᠬᠠᠮᠲᠤ ᠪᠥᠬᠥ ᠣᠷᠣᠨ ᠵᠢᠴᠢ ᠪᠥᠬᠥ ᠠᠢ᠌ᠮᠠᠭ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠵᠤ᠂ ᠲᠠᠷᠠᠭ᠋ᠠᠴᠢ ᠵᠢᠨ ᠠᠯᠬᠤᠮ᠎ᠳᠤ ᠬᠡᠷᠬᠢᠨ ᠬᠠᠤᠯᠢ ᠶᠣᠰᠣᠭ᠋ᠠᠷ᠂ ᠥᠨᠳᠥᠷ ᠪᠦᠲᠦᠮᠵᠢᠲᠡᠶ᠂ ᠵᠢᠷᠤᠮᠵᠢᠯ᠎ᠲᠠᠢ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠥᠷᠨᠢᠭᠦᠯᠬᠦ ᠲᠤᠬᠠᠶ ᠰᠠᠨᠠᠭᠤᠯᠭ᠎ᠠ ᠳᠤᠷᠠᠳᠪᠠ᠃ ᠬᠢᠴᠢᠶᠡᠯᠯᠡᠬᠦ ᠠᠭᠤᠯᠭ᠎ᠠ᠎ᠨᠢ ᠪᠠᠶᠠᠯᠢᠭ᠂ ᠡᠮᠬᠢ ᠵᠢᠷᠤᠮ᠎ᠨᠢ ᠲᠣᠳᠣᠷᠬᠠᠢ᠂ ᠬᠡᠷᠡᠭ᠎ᠤᠨ ᠵᠢᠱ᠌ᠢᠶ᠎ᠡ᠎ᠨᠢ ᠠᠮᠢᠳᠤᠯᠢᠭ ᠪᠠᠢ᠌ᠵᠤ᠂ ᠪᠦᠬᠦ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠵᠢᠷᠤᠮᠵᠢᠯᠳᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ ᠪᠠ ᠣᠨᠣᠪᠴᠢᠲᠤ ᠴᠢᠨᠠᠷ᠎ᠲᠤ ᠴᠢᠬᠤᠯᠠ ᠵᠢᠯᠣᠭᠣᠳᠬᠤ ᠠᠴᠢ ᠬᠣᠯᠪᠣᠭᠳᠠᠯ᠎ᠲᠠᠢ ᠪᠣᠯᠪᠠ᠃
     ᠬᠤᠷᠠᠯ᠎ᠠᠴᠠ ᠱᠠᠭ᠋ᠠᠷᠳᠠᠭᠰᠠᠨ᠎ᠨᠢ᠂ ᠪᠥᠬᠥ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮ᠎ᠤᠨ ᠺᠠᠳ᠋ᠷ ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠬᠠᠤᠯᠢᠵᠢᠯ᠎ᠤᠨ ᠰᠡᠳᠬᠢᠬᠦᠶ ᠵᠢ ᠪᠠᠲᠤ ᠪᠣᠶ ᠪᠣᠯᠭ᠋ᠠᠵᠤ᠂ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠳᠠᠬᠢᠨ ᠰᠢᠨ᠎ᠡ ᠲᠦᠪᠰᠢᠨ᠎ᠳᠤ ᠭᠠᠷᠬᠤ ᠵᠢ ᠠᠬᠢᠭᠤᠯᠬᠤ ᠬᠡᠷᠡᠭᠲᠡᠶ ᠭᠡᠪᠡ᠃
ᠸᠧᠢ ᠭᠦᠸᠧ ᠴᠢᠩ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠵᠠᠰᠠᠭ ᠵᠠᠬᠢᠷᠭ᠋ᠠᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠬᠦ ᠵᠢᠨ ᠴᠢᠬᠤᠯᠠ ᠪᠠᠲᠤᠯᠠᠭ᠎ᠠ ᠮᠥᠨ᠃ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠰᠤᠷᠲᠠᠯ᠎ᠤᠨ ᠪᠠᠢ᠌ᠭᠤᠯᠤᠯᠲᠠ ᠵᠢ ᠦᠷᠭᠦᠯᠵᠢᠯᠡᠨ ᠬᠤᠪᠢᠷᠠᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠠᠷᠢᠭᠤᠨ ᠴᠢᠬᠡᠴᠢ᠎ᠪᠠᠷ ᠬᠠᠤᠯᠢ ᠬᠡᠷᠡᠭᠵᠢᠭᠦᠯᠬᠦ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠬᠤ ᠵᠢᠨ ᠬᠠᠮᠲᠤ ᠬᠢᠨᠠᠨ ᠪᠠᠢ᠌ᠴᠠᠭ᠋ᠠᠭᠳᠠᠬᠤ ᠡᠲᠡᠭᠡᠳ᠎ᠤᠨ ᠬᠢᠨᠠᠯᠲᠠ ᠵᠢ ᠬᠦᠯᠢᠶᠡᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠩᠨᠡᠭᠡᠨ᠎ᠤ ᠰᠠᠢ᠌ᠨ ᠰᠠᠢ᠌ᠬᠠᠨ ᠳᠦᠷᠢ ᠲᠥᠷᠬᠦ ᠵᠢ ᠪᠣᠶ ᠪᠣᠯᠭ᠋ᠠᠨ ᠬᠠᠮᠠᠭ᠋ᠠᠯᠠᠵᠤ᠂ ᠬᠡᠬᠦᠳᠡᠭ ᠳᠦᠭᠦᠷᠡᠩ ᠣᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠪᠥᠬᠥ ᠠᠢ᠌ᠮᠠᠭ᠎ᠤᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠲᠣᠰ ᠤᠳᠠᠭ᠋ᠠᠨ᠎ᠤ ᠬᠤᠷᠠᠯ᠎ᠢ ᠴᠠᠬᠢᠮ ᠵᠶ᠋ᠠᠷ ᠪᠣᠯᠤᠨ ᠲᠤᠰᠬᠠᠢ ᠲᠠᠯᠠᠪᠠᠢ᠎ᠳᠤ ᠵᠡᠷᠭᠡ᠎ᠪᠠᠷ ᠶᠠᠪᠤᠭᠳᠠᠭᠤᠯᠬᠤ ᠠᠷᠭ᠎ᠠ᠎ᠪᠠᠷ ᠬᠤᠷᠠᠯᠳᠤᠭᠤᠯᠵᠤ᠂ ᠪᠥᠬᠥ ᠠᠢ᠌ᠮᠠᠭ᠎ᠤᠨ ᠡᠯ᠎ᠡ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠬᠠᠤᠯᠢ ᠬᠡᠷᠡᠭᠵᠢᠭᠦᠯᠬᠦ ᠠᠵᠢᠯᠲᠠᠨ ᠨᠡᠢ᠌ᠲᠡ 100 ᠭᠠᠷᠤᠶ ᠬᠥᠮᠦᠨ ᠬᠤᠪᠢᠶᠠᠷᠢ ᠬᠤᠷᠠᠯ᠎ᠤᠨ ᠲᠠᠯᠠᠪᠠᠶ᠎ᠠᠴᠠ ᠣᠷᠣᠯᠴᠠᠪᠠ᠃


8-7.png

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ᠄ ᠬᠠᠩᠰᠢ ᠵᠢᠨ ᠠᠮᠠᠷᠠᠯᠲᠠ᠎ᠳᠤ ᠭᠠᠯ ᠰᠡᠷᠭᠡᠢ᠌ᠯᠡᠬᠦ ᠠᠵᠢᠯ ᠶᠠᠭ᠋ᠠᠷᠠᠤ
ᠬᠥᠬᠡᠬᠣᠲᠠ ᠵᠢᠨ ᠡᠮ ᠡᠮᠴᠢᠯᠡᠭᠡ ᠬᠤᠳᠠᠯᠳᠤᠨ ᠠᠪᠬᠤ ᠲᠥᠪ ᠫᠠᠢ᠌ᠰᠠ ᠰᠡᠬᠦᠪᠡ
ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠪᠠ
《ᠪᠡᠶ᠎ᠡ ᠵᠢᠨ ᠪᠠᠢ᠌ᠴᠠᠭ᠋ᠠᠯᠲᠠ ᠵᠢᠨ ᠬᠡᠯᠪᠡᠷᠢ ᠵᠢᠨ ᠬᠢᠨᠠᠯᠲᠠ ᠬᠠᠮᠢᠶᠠᠷᠤᠯᠲᠠ》 ᠵᠢᠨ ᠰᠢᠨ᠎ᠡ ᠵᠠᠭᠪᠤᠷ᠎ᠢ ᠨᠠᠢ᠌ᠳᠠᠪᠤᠷᠢᠵᠢᠭᠤᠯᠤᠨ᠎ᠠ᠄ ᠲᠦᠮᠡᠳ ᠵᠡᠭᠦᠨ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠶᠠᠲᠤ ᠣᠷᠣᠨ᠎ᠤ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ᠎ᠳᠤ ᠡᠮ᠎ᠤᠨ ᠵᠦᠢ᠍ᠯ ᠪᠠ ᠪᠠᠭ᠋ᠠᠵᠢ ᠬᠡᠷᠡᠭᠰᠡᠯ᠎ᠤᠨ ᠠᠮᠤᠷ ᠲᠥᠪᠰᠢᠨ᠎ᠤ ᠬᠢᠨᠠᠨ ᠪᠠᠢ᠌ᠴᠠᠭ᠋ᠠᠯᠲᠠ ᠬᠢᠪᠡ
ᠭᠤᠤ ᠷᠦᠨ ᠰᠢ ᠭᠡᠭᠡᠨ ᠭᠣᠣᠯ ᠬᠤᠳᠠ᠎ᠳᠤ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠬᠥᠭᠵᠢᠯᠲᠡ ᠵᠡᠷᠭᠡ ᠭᠣᠣᠯᠳᠠᠯᠭ᠎ᠠ᠎ᠲᠠᠢ ᠠᠵᠢᠯ᠎ᠢ ᠪᠠᠢ᠌ᠴᠠᠭ᠋ᠠᠨ ᠰᠤᠳᠤᠯᠪᠠ
 
            