ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠤᠷᠳᠤᠰ ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠤᠷᠳᠤᠰ ᠬᠤᠳᠠ ᠵᠢᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠢᠨ ᠫᠠᠶ᠋ᠢᠰᠠ ᠰᠡᠬᠦᠬᠦ ᠶᠣᠰᠣᠯᠠᠯ ᠵᠢᠴᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠵᠥᠪᠳᠡᠯᠴᠡᠭᠡᠷ ᠲᠤᠭᠲᠠᠬᠤ ᠶᠣᠰᠣᠯᠠᠯ ᠶᠠᠪᠤᠭᠳᠠᠵᠠᠢ
ᠨᠡᠶ᠋ᠢᠲᠡᠯᠡᠭᠰᠡᠨ ᠴᠠᠭ᠄ 2024-05-10


      ᠣᠢ᠌ᠷ᠎ᠠ ᠵᠢᠨ ᠡᠳᠦᠷ᠂ ᠤᠷᠳᠤᠰ ᠬᠤᠳᠠ ᠵᠢᠨ ᠠᠶᠤᠯᠭᠦᠢ ᠦᠢ᠍ᠯᠡᠳᠪᠦᠷᠢᠯᠡᠯ ᠎ᠤᠨ ᠰᠢᠨᠵᠢᠯᠡᠬᠦ ᠤᠬᠠᠭ᠋ᠠᠨ ᠮᠡᠷᠭᠡᠵᠢᠯ ᠎ᠤᠨ ᠰᠤᠳᠤᠯᠭ᠋ᠠᠨ ᠎ᠤ ᠬᠦᠷᠢᠶᠡᠯᠡᠩ᠂ ᠤᠷᠳᠤᠰ ᠬᠤᠳᠠ ᠵᠢᠨ ᠠᠭᠤᠷᠬᠠᠢ ᠵᠢᠨ ᠠᠮᠤᠷ ᠲᠦᠪᠰᠢᠨ ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠫᠠᠶ᠋ᠢᠰᠠ ᠰᠡᠬᠦᠬᠦ ᠶᠣᠰᠣᠯᠠᠯ ᠵᠢᠴᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠵᠥᠪᠳᠡᠯᠴᠡᠭᠡᠷ ᠲᠤᠭᠲᠠᠬᠤ ᠶᠣᠰᠣᠯᠠᠯ ᠶᠠᠪᠤᠭᠳᠠᠪᠠ᠃ ᠬᠤᠲᠠ ᠵᠢᠨ ᠨᠠᠮ ᠎ᠤᠨ ᠬᠤᠷᠢᠶ᠎ᠠ ᠵᠢᠨ ᠳᠡᠳ᠋ ᠱᠦᠵᠢ᠂ ᠬᠤᠲᠠ ᠵᠢᠨ ᠳᠠᠷᠤᠭ᠎ᠠ ᠳ᠋ᠦ᠋ ᠬᠤᠢ ᠯᠢᠶᠠᠩ᠂ ᠳᠤᠮᠳᠠᠳᠤ ᠤᠯᠤᠰ ᠎ᠤᠨ ᠠᠵᠢᠯ ᠮᠡᠷᠭᠡᠵᠢᠯ ᠎ᠤᠨ ᠠᠮᠤᠷ ᠲᠦᠪᠰᠢᠨ ᠡᠷᠡᠭᠦᠯ ᠮᠡᠨᠳᠦ ᠵᠢᠨ ᠨᠡᠶ᠋ᠢᠭᠡᠮᠯᠢᠭ ᠎ᠤᠨ ᠨᠠᠮ᠎ᠤᠨ  ᠬᠤᠷᠢᠶ᠎ᠠ ᠵᠢᠨ ᠳᠡᠳ᠋ ᠱᠦᠵᠢ᠂ ᠬᠡᠷᠡᠭ ᠡᠷᠬᠢᠯᠡᠭᠴᠢᠳ ᠎ᠤᠨ ᠳᠡᠳ᠋ ᠳᠠᠷᠤᠭ᠎ᠠ᠂ ᠶᠡᠷᠦᠩᠬᠡᠶ ᠢᠨᠵᠧᠨᠧᠷ ᠸᠠᠩ ᠬᠤᠤ ᠱᠦᠢ ᠬᠤᠷᠠᠯ ᠎ᠳᠤ ᠣᠷᠣᠯᠴᠠᠭᠰᠠᠨ᠎ᠤ ᠬᠠᠮᠲᠤ ᠪᠠᠶᠠᠷ᠎ᠤᠨ ᠦᠭᠡ  ᠬᠡᠯᠡᠪᠡ᠃ ᠳᠤᠮᠳᠠᠳᠤ ᠤᠯᠤᠰ ᠎ᠤᠨ ᠠᠵᠢᠯ ᠮᠡᠷᠭᠡᠵᠢᠯ ᠎ᠤᠨ ᠠᠮᠤᠷ ᠲᠦᠪᠰᠢᠨ ᠡᠷᠡᠭᠦᠯ ᠮᠡᠨᠲᠤ ᠵᠢᠨ ᠨᠡᠶ᠋ᠢᠭᠡᠮᠯᠢᠭ ᠎ᠤᠨ ᠨᠠᠮ ᠎ᠤᠨ  ᠬᠤᠷᠢᠶ᠎ᠠ ᠵᠢᠨ ᠱᠦᠵᠢ᠂ ᠬᠡᠷᠡᠭ ᠡᠷᠬᠢᠯᠡᠭᠴᠢᠳ ᠎ᠤᠨ ᠳᠠᠷᠤᠭ᠎ᠠ ᠸᠠᠩ ᠳ᠋ᠧ ᠰᠢᠤᠸᠠᠢ᠂ ᠳᠤᠮᠳᠠᠳᠤ ᠤᠯᠤᠰ ᠎ᠤᠨ ᠠᠶᠤᠯᠭᠦᠢ ᠦᠢ᠍ᠯᠡᠳᠪᠦᠷᠢᠯᠡᠯ ᠎ᠤᠨ ᠰᠢᠨᠵᠢᠯᠡᠬᠦ ᠤᠬᠠᠭ᠋ᠠᠨ ᠎ᠤ ᠰᠤᠳᠤᠯᠭ᠋ᠠᠨ ᠎ᠤ ᠬᠦᠷᠢᠶᠡᠯᠡᠩ ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠦᠷᠢᠶᠡᠯᠡᠩ᠎ᠤᠨ ᠳᠠᠷᠤᠭ᠎ᠠ ᠵᠧᠦ ᠹᠦ᠋ ᠪᠦᠦ᠂ ᠥᠪᠡᠷᠲᠡᠭᠡᠨ ᠵᠠᠰᠠᠬᠤ ᠣᠷᠣᠨ ᠎ᠤ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠎ᠤᠨ ᠨᠠᠮ ᠎ᠤᠨ ᠬᠤᠷᠢᠶ᠎ᠠ ᠵᠢᠨ ᠭᠡᠰᠢᠭᠦᠨ᠂ ᠲᠢᠩᠬᠢᠮ ᠎ᠤᠨ ᠳᠡᠳ᠋ ᠳᠠᠷᠤᠭ᠎ᠠ ᠵᠢᠢ ᠸᠧᠨ ᠮᠢᠩ᠂ ᠥᠪᠡᠷᠲᠡᠭᠡᠨ ᠵᠠᠰᠠᠬᠤ ᠣᠷᠣᠨ ᠎ᠤ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠎ᠤᠨ ᠨᠠᠮ ᠎ᠤᠨ ᠬᠤᠷᠢᠶ᠎ᠠ ᠵᠢᠨ ᠭᠡᠰᠢᠭᠦᠨ᠂ ᠲᠢᠩᠬᠢᠮ ᠎ᠤᠨ ᠳᠡᠳ᠋ ᠳᠠᠷᠤᠭ᠎ᠠ᠂ ᠠᠭᠤᠷᠬᠠᠢ ᠵᠢᠨ ᠠᠮᠤᠷ ᠲᠦᠪᠰᠢᠨ ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠲᠢᠶᠠᠨ ᠢ ᠵᠢᠶᠦ᠋ᠨ᠂ ᠬᠤᠳᠠ ᠵᠢᠨ ᠤᠳᠤᠷᠢᠳᠤᠯᠭ᠎ᠠ ᠰᠦ᠍ ᠼᠦᠢ ᠹᠠᠩ᠂ ᠦ᠋ ᠵᠢᠶᠠᠨ ᠰᠢᠶᠦ᠋ᠨ ᠣᠷᠣᠯᠴᠠᠪᠠ᠃
     ᠳ᠋ᠦ᠋ ᠬᠤᠢ ᠯᠢᠶᠠᠩ ᠪᠠᠶᠠᠷ᠎ᠤᠨ ᠦᠭᠡ᠎ᠳᠡᠭᠡᠨ᠂ ᠣᠳᠣᠬᠠᠨ ᠎ᠳᠤ᠂ ᠤᠷᠳᠤᠰ ᠶᠠᠭ ᠰᠢᠨ᠎ᠡ ᠵᠠᠮ ᠎ᠢ ᠨᠡᠭᠡᠭᠡᠵᠤ᠂ ᠡᠮᠦᠨ᠎ᠡ ᠡᠩᠨᠡᠭᠡᠨ ᠎ᠳᠤ ᠣᠷᠣᠬᠤ ᠬᠠᠷᠠᠯᠲᠠ ᠵᠢ ᠲᠣᠭᠲᠠᠭ᠋ᠠᠵᠤ᠂ 《ᠭᠤᠷᠪᠠᠨ ᠲᠦᠷᠪᠡ》 ᠵᠢᠨ ᠠᠵᠢᠯ ᠎ᠤᠨ ᠡᠭᠦᠷᠭᠡ ᠎ᠪᠠᠷ ᠭᠠᠷᠳᠠᠴᠠ ᠪᠣᠯᠭ᠋ᠠᠨ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠤᠯᠤᠰ ᠎ᠤᠨ ᠠᠮᠤᠷ ᠲᠦᠪᠰᠢᠨ ᠬᠥᠭᠵᠢᠯᠲᠡ ᠵᠢᠨ ᠳᠠᠭᠤᠷᠢᠶᠠᠯ ᠦᠵᠡᠭᠦᠯᠬᠦ ᠬᠤᠳᠠ ᠵᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠎ᠤ ᠰᠠᠶ᠋ᠢᠨ ᠦᠢ᠍ᠯᠡᠳᠦᠯᠴᠡᠯ᠎ᠢ ᠴᠢᠷᠮᠠᠶ᠋ᠢᠨ ᠠᠬᠢᠭᠤᠯᠵᠤ ᠪᠠᠶ᠋ᠢᠨ᠎ᠠ᠃ ᠬᠤᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠡᠭᠦᠷᠭᠡ ᠴᠢᠳᠠᠪᠬᠢ ᠵᠢᠨ ᠪᠠᠶ᠋ᠢᠷᠢ ᠲᠣᠭᠲᠠᠭ᠋ᠠᠯᠲᠠ᠎ᠳᠠᠭᠠᠨ ᠰᠠᠭᠤᠷᠢᠯᠠᠵᠤ᠂ ᠪᠦᠲᠦᠭᠡᠨ ᠪᠠᠢ᠌ᠭᠤᠯᠤᠯᠲᠠ ᠬᠥᠭᠵᠢᠯᠲᠡ᠎ᠪᠠᠨ ᠲᠦᠷᠭᠡᠳᠬᠡᠨ᠂ ᠤᠯᠤᠰ ᠎ᠤᠨ ᠪᠠᠶ᠋ᠢᠯᠳᠤᠬᠤ ᠪᠣᠳᠣᠯᠭ᠎ᠠ ᠪᠠ ᠣᠷᠣᠨ ᠨᠤᠲᠤᠭ ᠎ᠤᠨ ᠬᠥᠭᠵᠢᠯᠲᠡ ᠵᠢᠨ ᠪᠣᠭᠤᠮᠲᠠ ᠰᠢᠪᠲᠤᠯᠬᠤ ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠢᠭᠡ ᠪᠦᠯᠦᠭ ᠠᠵᠢᠯ ᠲᠥᠷᠥᠯ ᠎ᠤᠨ ᠨᠡᠶ᠋ᠢᠲᠡᠯᠢᠭ ᠴᠢᠨᠠᠷᠲᠠᠶ ᠠᠰᠠᠭᠤᠳᠠᠯ ᠎ᠢ ᠰᠢᠪᠲᠤᠯᠵᠤ᠂ ᠪᠦᠬᠦ ᠬᠦᠴᠦᠨ ᠵᠶ᠋ᠠᠷ ᠵᠶ᠋ᠠᠨ ᠲᠠᠪᠴᠠᠩ ᠎ᠤᠨ ᠪᠠᠶ᠋ᠢᠭᠤᠯᠤᠯᠲᠠ ᠵᠢᠨ ᠲᠠᠯ᠎ᠠ ᠎ᠪᠠᠷ ᠰᠢᠨ᠎ᠡ ᠵᠠᠮ ᠎ᠢ ᠨᠡᠭᠡᠭᠡᠨ᠂ ᠲᠡᠷᠢᠭᠦᠨ ᠎ᠤ ᠎ᠬᠢ ᠵᠢ ᠡᠭᠦᠳᠴᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠎ᠤ ᠪᠣᠭᠤᠮᠲᠠ ᠰᠢᠪᠲᠤᠯᠬᠤ ᠲᠠᠯ᠎ᠠ ᠎ᠪᠠᠷ ᠰᠢᠨ᠎ᠡ ᠵᠠᠮ ᠎ᠢ ᠨᠡᠭᠡᠭᠡᠨ᠂ ᠲᠡᠷᠢᠭᠦᠨ ᠎ᠤ ᠎ᠬᠢ ᠵᠢ ᠡᠭᠦᠳᠴᠦ᠂ ᠳᠡᠮᠵᠢᠵᠤ ᠬᠢᠨᠠᠨ ᠬᠠᠮᠢᠶᠠᠷᠬᠤ ᠲᠠᠯ᠎ᠠ ᠎ᠪᠠᠷ ᠰᠢᠨ᠎ᠡ ᠵᠠᠮ ᠎ᠢ ᠨᠡᠭᠡᠭᠡᠨ᠂ ᠲᠡᠷᠢᠭᠦᠨ᠎ᠤ ᠎ᠬᠢ ᠵᠢ ᠡᠭᠦᠳᠴᠦ᠂ ᠠᠵᠤ ᠠᠬᠤᠢ᠌ᠯᠠᠯ᠎ᠳᠤ ᠦᠢ᠍ᠯᠡᠴᠢᠯᠡᠬᠦ ᠲᠠᠯ᠎ᠠ᠎ᠪᠠᠷ ᠰᠢᠨ᠎ᠡ ᠵᠠᠮ᠎ᠢ ᠨᠡᠭᠡᠭᠡᠨ᠂ ᠲᠡᠷᠢᠭᠦᠨ᠎ᠤ᠎ᠬᠢ ᠵᠢ ᠡᠭᠦᠳᠴᠦ᠂ ᠴᠢᠳᠠᠪᠤᠷᠢᠲᠠᠨ ᠎ᠢ ᠤᠷᠤᠭᠤᠯᠤᠨ ᠠᠪᠴᠢᠷᠠᠵᠤ ᠬᠥᠮᠦᠵᠢᠭᠦᠯᠬᠦ ᠲᠠᠯ᠎ᠠ᠎ᠪᠠᠷ ᠰᠢᠨ᠎ᠡ ᠵᠠᠮ ᠎ᠢ ᠨᠡᠭᠡᠭᠡᠨ᠂ ᠲᠡᠷᠢᠭᠦᠨ ᠎ᠤ ᠎ᠬᠢ ᠵᠢ ᠡᠭᠦᠳᠴᠦ᠂ ᠠᠵᠢᠯ ᠲᠦᠷᠦᠯ᠎ᠤᠨ ᠲᠡᠷᠢᠭᠦᠨ᠎ᠤ᠂ ᠪᠦᠬᠦ ᠤᠯᠤᠰ ᠎ᠤᠨ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠎ᠤ ᠪᠠᠶ᠋ᠢᠭᠤᠯᠤᠮᠵᠢ ᠪᠣᠯᠬᠤ᠎ᠪᠠᠷ ᠴᠢᠷᠮᠠᠶ᠋ᠢᠵᠤ᠂ ᠪᠦᠬᠦ ᠬᠤᠳᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠎ᠤᠨ ᠠᠮᠤᠷ ᠲᠦᠪᠰᠢᠨ ᠎ᠤ ᠠᠵᠢᠯ ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠲᠠ ᠵᠢᠨ ᠠᠭᠤᠷᠬᠠᠶ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠎ᠪᠠᠨ ᠡᠷᠡᠰ ᠡᠭᠦᠷᠭᠡᠯᠡᠨ᠂ ᠬᠢᠨᠠᠨ ᠬᠠᠮᠢᠶᠠᠷᠴᠦ ᠬᠠᠤᠯᠢ ᠬᠡᠷᠡᠭᠵᠢᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠠᠭᠤᠷᠬᠠᠶ ᠵᠢᠨ ᠠᠮᠤᠷ ᠲᠦᠪᠰᠢᠨ ᠎ᠤ ᠰᠠᠶ᠋ᠢᠨ ᠦᠷ᠎ᠡ ᠪᠦᠲᠦᠮᠵᠢ ᠎ᠪᠠᠷ ᠪᠥᠬᠦ ᠬᠤᠲᠠ ᠵᠢᠨ ᠠᠵᠤ ᠠᠬᠤᠶ ᠨᠡᠶ᠋ᠢᠭᠡᠮ ᠎ᠤᠨ ᠴᠢᠨᠠᠷ ᠰᠠᠶ᠋ᠢᠲᠠᠶ ᠬᠥᠭᠵᠢᠯᠲᠡ ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃

    ᠶᠣᠰᠣᠯᠠᠯ ᠳᠡᠭᠡᠷ᠎ᠡ᠂ ᠳ᠋ᠦ᠋ ᠬᠤᠢ ᠯᠢᠶᠠᠩ ᠬᠤᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠎ᠤᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠎ᠤᠨ ᠳᠠᠷᠤᠭ᠎ᠠ ᠸᠠᠩ ᠬᠤᠤ ᠱ᠌ᠢ᠂ ᠬᠢᠮᠢ ᠵᠢᠨ ᠠᠵᠤ ᠦᠢ᠍ᠯᠡᠳᠪᠦᠷᠢ ᠵᠢᠨ ᠲᠡᠷᠢᠭᠦᠨ᠎ᠤ ᠰᠢᠨᠵᠢᠯᠡᠬᠦ ᠤᠬᠠᠭ᠋ᠠᠨᠲᠠᠨ ᠼᠤᠤ ᠶᠦᠩ ᠶᠢᠦ᠂ ᠳᠡᠳ᠋ ᠬᠤᠷᠢᠶᠠᠨ ᠳᠠᠷᠤᠭ᠎ᠠ ᠮᠠ ᠯᠢᠶᠠᠩ ᠵᠢᠶᠦ᠋ᠨ᠎ᠳᠤ ᠤᠷᠢᠯᠭ᠎ᠠ ᠵᠢᠨ ᠪᠢᠴᠢᠭ ᠭᠠᠷᠳᠠᠭᠤᠯᠪᠠ᠃ ᠬᠤᠲᠠ ᠵᠢᠨ ᠵᠠᠰᠠᠭ᠎ᠤᠨ ᠣᠷᠳᠣᠨ ᠪᠤᠯᠤᠨ ᠲ᠋ᠤᠮᠳᠠᠳᠤ ᠤᠯᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠎ᠤ ᠰᠤᠳᠤᠯᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠎ᠤ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠳᠤᠮᠳᠠᠳᠤ ᠤᠯᠤᠰ ᠎ᠤᠨ ᠨᠡᠭᠦᠷᠡᠰᠦᠨ ᠎ᠤ ᠬᠤᠲᠠ ᠵᠢᠨ ᠬᠥᠭᠵᠢᠯᠲᠡ ᠵᠢ ᠬᠤᠯᠪᠤᠭ᠋ᠠᠯᠠᠨ ᠠᠬᠢᠭᠤᠯᠬᠤ ᠨᠡᠶ᠋ᠢᠭᠡᠮᠯᠢᠭ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢᠨ ᠵᠥᠪᠳᠡᠯᠴᠡᠭᠡᠷ ᠲᠤᠭᠲᠠᠪᠠ᠃ ᠸᠠᠩ ᠳ᠋ᠧ ᠰᠢᠤᠸᠠᠢ᠂ ᠵᠧᠦ ᠹᠦ᠋ ᠪᠦᠦ᠂ ᠳ᠋ᠦ᠋ ᠬᠤᠢ ᠯᠢᠶᠠᠩ ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠎ᠤᠨ ᠫᠠᠶ᠋ᠢᠰᠠ ᠵᠢ ᠰᠡᠬᠦᠵᠦ᠂ ᠲᠢᠶᠠᠨ ᠢ ᠵᠢᠶᠦ᠋ᠨ᠂ ᠰᠦ᠍ ᠼᠦᠢ ᠹᠠᠩ ᠬᠤᠳᠠ ᠵᠢᠨ ᠠᠭᠤᠷᠬᠠᠢ ᠵᠢᠨ ᠠᠮᠤᠷ ᠲᠦᠪᠰᠢᠨ ᠎ᠤ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠢᠨ ᠫᠠᠶ᠋ᠢᠰᠠ ᠵᠢ ᠰᠡᠬᠦᠪᠡ᠃

    ᠶᠣᠰᠣᠯᠠᠯ᠎ᠠᠴᠠ ᠡᠮᠦᠨ᠎ᠡ᠂ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠬᠤᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠬᠤᠲᠠ ᠵᠢᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠎ᠤᠨ ᠪᠦᠲᠦᠭᠡᠨ ᠪᠠᠶ᠋ᠢᠭᠤᠯᠤᠯᠲᠠ ᠡᠷᠭᠢᠯᠲᠡ ᠵᠢᠨ ᠪᠠᠢ᠌ᠳᠠᠯ᠎ᠢ ᠲᠣᠭᠤᠷᠢᠨ ᠦᠵᠡᠵᠦ ᠣᠶ᠋ᠢᠯᠠᠭ᠋ᠠᠪᠠ᠃ 


 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳ᠋ᠦ᠋ ᠬᠤᠢ ᠯᠢᠶᠠᠩ ᠳᠠᠯᠠᠳ ᠬᠣᠰᠢᠭᠤᠨ᠎ᠳᠤ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ
ᠬᠣᠲᠠ ᠵᠢᠨ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠰᠢᠨ᠎ᠤ ᠵᠥᠪᠯᠡᠯ ᠪᠥᠬᠥᠳᠡ ᠬᠤᠷᠠᠯ ᠬᠤᠷᠠᠯᠳᠤᠭᠤᠯᠪᠠ
ᠰᠦᠢ ᠸᠧᠢ ᠵᠢᠶᠦ᠋ᠨ ᠪᠥᠬᠥ ᠬᠣᠲᠠ ᠵᠢᠨ ᠣᠶ ᠰᠢᠭᠤᠢ ᠨᠤᠲᠤᠭ ᠪᠡᠯᠴᠢᠭᠡᠷ ᠎ᠤᠨ ᠭᠠᠯ ᠰᠡᠷᠭᠡᠢ᠌ᠯᠡᠨ ᠤᠨᠲᠠᠷᠠᠭ᠋ᠠᠬᠤ ᠠᠵᠢᠯ ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠮᠠᠨ᠎ᠤ ᠬᠣᠲᠠ ᠵᠢᠨ᠎ᠬᠢᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠭᠤᠷᠪᠠᠨ ᠵᠢᠯ ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ
ᠮᠠᠨ᠎ᠤ ᠠᠶ᠋ᠢᠮᠠᠭ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠤ ᠤᠨᠲᠠᠷᠠᠭ᠋ᠠᠬᠤ ᠠᠵᠢᠯ᠎ᠢ ᠴᠢᠡᠭᠭ᠎ᠠ ᠠᠳᠬᠤᠵᠦ ᠪᠤᠢ
 
            