4 ᠰᠠᠷ᠎ᠠ ᠵᠢᠨ 4᠎ᠤ ᠡᠳᠦᠷ᠂ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠰᠦᠢ ᠸᠧᠢ ᠵᠢᠶᠦ᠋ᠨ ᠬᠣᠲᠠ ᠵᠢᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ᠂ ᠪᠥᠬᠥ ᠬᠣᠲᠠ ᠵᠢᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ᠃
ᠰᠦᠢ ᠸᠧᠢ ᠵᠢᠶᠦ᠋ᠨ ᠬᠡᠯᠡᠬᠦ᠎ᠳᠡᠭᠡᠨ᠂ ᠣᠳᠣᠬᠠᠨ᠎ᠳᠤ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠠᠮᠠᠷᠬᠠᠨ ᠡᠭᠦᠰᠬᠦ ᠪᠠ ᠣᠯᠠᠨ ᠡᠭᠦᠰᠬᠦ ᠬᠤᠭᠤᠴᠠᠭ᠎ᠠ ᠪᠣᠯᠬᠤ ᠪᠥᠭᠡᠳ ᠪᠠᠰᠠ ᠴᠤ᠌ ᠭᠠᠯ᠎ᠢ ᠰᠡᠷᠭᠡᠢ᠌ᠯᠡᠬᠦ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠃ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠴᠠᠭ ᠢᠮᠠᠭᠲᠠ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠢ᠌ᠵᠤ᠂ ᠬᠥᠮᠥᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠷᠢᠯᠢᠭ ᠨᠠᠢ᠌ᠳᠠᠪᠤᠷᠢᠵᠢᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠬᠤ ᠬᠡᠷᠡᠭᠲᠡᠢ᠃ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ ᠲᠠᠢ ᠣᠷᠣᠨ ᠪᠠᠢ᠌ᠷᠢ᠂ ᠭᠣᠣᠯᠳᠠᠯᠭ᠎ᠠ᠎ᠲᠠᠢ ᠴᠠᠭ ᠬᠤᠭᠤᠴᠠᠭ᠎ᠠ ᠵᠢ ᠴᠢᠩᠭ᠎ᠠ ᠠᠩᠬᠠᠷᠴᠤ᠂ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠬᠡᠭᠡᠷ᠎ᠡ ᠵᠢᠨ ᠭᠠᠯ᠎ᠤᠨ ᠭᠠᠮᠰᠢᠭ᠎ᠤᠨ ᠢᠷᠡᠯᠲᠡ ᠵᠢ ᠲᠣᠭᠣᠷᠢᠨ ᠪᠠᠢ᠌ᠴᠠᠭ᠋ᠠᠬᠤ ᠪᠠ ᠬᠠᠮᠢᠶᠠᠷᠤᠨ ᠡᠵᠡᠮᠳᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠦᠨᠡᠨ ᠬᠦ᠌ ᠠᠭᠤᠯᠠ ᠵᠢ ᠰᠠᠬᠢᠵᠤ᠂ ᠬᠥᠮᠥᠨ᠎ᠢ ᠬᠠᠷᠠᠵᠤ᠂ ᠭᠠᠯ᠎ᠢ ᠬᠠᠮᠢᠶᠠᠷᠴᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠤᠨ ᠳᠠᠯᠳᠠ ᠬᠡᠮ᠎ᠢ ᠡᠬᠢ ᠡᠭᠦᠰᠦᠯ᠎ᠠᠴᠠ᠎ᠨᠢ ᠠᠷᠢᠯᠭ᠋ᠠᠬᠤ ᠬᠡᠷᠡᠭᠲᠡᠢ᠃ ᠮᠡᠷᠭᠡᠵᠢᠯ ᠵᠶ᠋ᠡᠷ ᠰᠡᠷᠭᠡᠢ᠌ᠯᠡᠬᠦ ᠵᠢ ᠲᠤᠯᠭ᠋ᠠᠭᠤᠷᠢᠯᠠᠬᠤ ᠵᠢ ᠴᠢᠩᠭ᠋ᠠᠳᠬᠠᠵᠤ᠂ ᠣᠲᠣ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠥᠷᠭᠡᠨ ᠵᠶ᠋ᠡᠷ ᠬᠡᠷᠡᠭᠯᠡᠨ᠂ ᠣᠶ ᠰᠢᠭᠤᠢ ᠵᠢᠨ ᠭᠠᠯ᠎ᠢ ᠸᠢᠳᠢᠤ᠋᠎ᠪᠠᠷ ᠬᠢᠨᠠᠨ ᠬᠡᠮᠵᠢᠬᠦ ᠰᠢᠰᠲ᠋ᠧᠮᠵᠢ ᠵᠢᠨ ᠴᠢᠳᠠᠮᠵᠢ ᠵᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠯᠲᠡ ᠵᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠭᠯᠡᠭᠦᠯᠬᠦ ᠴᠢᠨᠠᠷᠲᠠᠢ᠂ ᠪᠠᠷᠠᠭ᠋ᠠᠯᠬᠢᠯᠠᠯ᠎ᠤᠨ ᠴᠢᠨᠠᠷᠲᠠᠢ ᠭᠠᠯ ᠤᠨᠲᠠᠷᠠᠭ᠋ᠠᠬᠤ ᠲᠥᠬᠦᠭᠡᠷᠦᠮᠵᠢ ᠵᠢ ᠪᠦᠷᠢᠨ ᠭᠦᠢ᠍ᠴᠡᠳ ᠪᠥᠭᠡᠳ ᠴᠢᠩᠭ᠎ᠠ ᠲᠣᠬᠢᠷᠠᠭᠤᠯᠵᠤ᠂ ᠲᠦᠷᠭᠡᠨ ᠲᠤᠰᠬᠠᠬᠤ᠂ ᠵᠢᠯᠣᠭᠣᠳᠤᠨ ᠵᠣᠬᠢᠴᠠᠭᠤᠯᠬᠤ ᠪᠠ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ᠎ᠤᠨ ᠠᠶᠤᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠡᠢ᠃
ᠯᠢᠦ ᠭᠦᠸᠧ ᠭᠠᠩ ᠣᠷᠣᠯᠴᠠᠪᠠ᠃
ᠣᠷᠴᠢᠭᠤᠯᠤᠭᠴᠢ᠄ ᠭᠤᠸ᠎ᠠ
ᠬᠢᠨᠠᠭᠴᠢ᠄ ᠠᠷᠢᠭᠤᠨ