ᠮᠠᠨ᠎ᠤ ᠬᠣᠲᠠ ᠵᠢᠨ᠎ᠬᠢᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠬᠦ ᠵᠢ ᠪᠠᠷᠢᠮᠲᠠᠯᠠᠵᠤ᠂ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠠᠵᠢᠯ ᠲᠦᠷᠦᠯ᠎ᠤᠨ ᠠᠶᠤᠯᠭᠦᠢ ᠦᠢ᠍ᠯᠡᠳᠪᠦᠷᠢᠯᠡᠯ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠬᠣᠲᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠬᠣᠲᠠ ᠵᠢᠨ ᠨᠠᠮ᠎ᠤᠨ ᠬᠣᠷᠢᠶ᠎ᠠ ᠪᠤᠯᠤᠨ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠣᠢ᠌ᠷ᠎ᠠ᠎ᠳᠤ ᠠᠶᠤᠯᠲᠠᠢ ᠬᠢᠮᠢ ᠵᠢᠨ ᠪᠣᠳᠠᠰ᠎ᠤᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠭᠤᠯᠤᠯ᠎ᠢ ᠲᠥᠪᠯᠡᠷᠡᠭᠦᠯᠦᠨ ᠬᠢᠴᠢᠶᠡᠯᠯᠡᠬᠦ ᠪᠠ ᠲᠤᠬᠠᠢ ᠵᠢᠨ ᠲᠠᠯᠠᠪᠤᠷ᠎ᠲᠤ ᠲᠣᠭᠣᠷᠢᠨ ᠦᠵᠡᠬᠦ ᠬᠡᠯᠪᠡᠷᠢ᠎ᠪᠠᠷ ᠶᠠᠪᠤᠭᠳᠠᠭᠤᠯᠵᠤ᠂ ᠪᠥᠬᠥ ᠬᠣᠲᠠ ᠵᠢᠨ ᠠᠶᠤᠯᠲᠠᠢ ᠬᠢᠮᠢ ᠵᠢᠨ ᠪᠣᠳᠠᠰ᠎ᠤᠨ ᠠᠵᠢᠯ ᠲᠥᠷᠥᠯ᠎ᠤᠨ ᠭᠣᠣᠯ ᠬᠠᠷᠢᠭᠤᠴᠠᠯᠭ᠋ᠠᠲᠠᠨ ᠵᠢᠴᠢ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ ᠨᠠᠷ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠳᠤ ᠤᠷᠤᠯᠴᠠᠪᠠ᠃
ᠪᠣᠯᠪᠠᠰᠤᠷᠠᠭᠤᠯᠤᠯ᠎ᠨᠢ ᠣᠨᠣᠯ᠎ᠢ ᠪᠣᠳᠠᠲᠠᠢ᠎ᠲᠠᠢ ᠤᠶᠠᠯᠳᠤᠭᠤᠯᠤᠨ᠂ ᠰᠤᠷᠤᠯᠴᠠᠯᠭ᠎ᠠ ᠵᠢᠨ ᠳᠤᠮᠳᠠ ᠠᠶᠤᠯᠭᠦᠢ ᠦᠢ᠍ᠯᠡᠳᠪᠦᠷᠢᠯᠡᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠵᠢᠴᠢ ᠠᠵᠢᠯ ᠲᠥᠷᠥᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠦᠢ᠍ᠯᠡᠳᠦᠯᠭᠡ ᠵᠢᠨ ᠰᠣᠯᠢᠯᠴᠠᠭ᠎ᠠ ᠵᠢᠨ ᠳᠤᠮᠳᠠ ᠠᠶᠤᠯᠭᠦᠢ ᠦᠢ᠍ᠯᠡᠳᠪᠦᠷᠢᠯᠡᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠰᠡᠷᠭᠡᠢ᠌ᠯᠡᠬᠦ ᠴᠢᠳᠠᠪᠤᠷᠢ ᠵᠢ ᠭᠦᠨᠵᠡᠭᠡᠢ᠌ᠷᠡᠭᠦᠯᠪᠡ᠃
ᠳᠠᠷᠠᠭ᠋ᠠᠴᠢ ᠵᠢᠨ ᠠᠯᠬᠤᠮ᠎ᠳᠤ᠂ ᠹᠸᠩᠵᠸᠨ ᠬᠤᠲᠠ ᠵᠢᠨ᠎ᠬᠢᠨ ᠠᠶᠤᠯᠲᠠᠢ ᠬᠢᠮᠢ ᠵᠢᠨ ᠪᠣᠳᠠᠰ᠎ᠤᠨ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ ᠠᠶᠤᠯᠲᠠᠢ ᠬᠢᠮᠢ ᠵᠢᠨ ᠪᠣᠳᠠᠰ᠎ᠤᠨ ᠠᠵᠢᠯ ᠲᠦᠷᠦᠯ᠎ᠤᠨ ᠪᠦᠬᠦᠯᠢ ᠴᠣᠭᠴᠠ ᠵᠢᠨ ᠠᠮᠤᠷ ᠲᠦᠪᠰᠢᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
ᠵᠣᠬᠢᠶᠠᠭᠴᠢ᠄ ᠵᠢᠶᠠ ᠯᠢ
ᠨᠠᠢ᠌ᠷᠠᠭᠤᠯᠤᠭᠴᠢ᠄ ᠯᠢ ᠰᠧ ᠬᠤᠢ
ᠤᠷᠴᠢᠭᠤᠯᠤᠭᠴᠢ᠄ ᠬᠠᠨ ᠰᠢᠶᠤᠤ ᠿᠦᠩ
ᠬᠢᠨᠠᠭᠴᠢ᠄ ᠼᠦᠢ ᠶᠢᠩ