4 ᠳ᠋ᠦ᠍ᠭᠡᠷ ᠰᠠᠷ᠎ᠠ ᠵᠢᠨ 7 ᠤ ᠡᠳᠦᠷ᠂ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠳ᠋ᠦ᠋ ᠬᠤᠢ ᠯᠢᠶᠠᠩ ᠳᠠᠯᠠᠳ
ᠬᠣᠰᠢᠭᠤᠨ ᠳᠤ ᠡᠯᠡᠰᠦᠷᠬᠡᠭᠵᠢᠯ ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨᠤ ᠴᠠᠬᠢᠯᠭ᠋ᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩᠢ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ᠃ ᠳᠠᠯᠠᠳ ᠬᠣᠰᠢᠭᠤᠨ ᠤ ᠬᠥᠪᠴᠢ ᠵᠢᠨ ᠳᠤᠮᠳᠠ ᠬᠣᠢ᠌ᠲᠤ ᠬᠡᠰᠡᠭ ᠤᠨ ᠰᠢᠨ᠎ᠡ ᠡᠨᠧᠷᠭᠢ ᠵᠢᠨ ᠰᠠᠭᠤᠷᠢᠨ ᠤ ᠨᠢᠭᠡᠳᠦᠭᠡᠷ ᠬᠤᠭᠤᠴᠠᠭ᠋ᠠᠨ ᠤ ᠬᠣᠰᠢᠭᠤᠴᠢ ᠢᠨᠵᠧᠨᠧᠷᠢᠩ ᠤᠨ ᠲᠦᠷᠦᠯ ᠵᠦᠢ᠍ᠯ ᠤᠨ ᠲᠤᠬᠠᠢ ᠵᠢᠨ ᠲᠠᠯᠠᠪᠠᠢ ᠳᠤ᠂ ᠳ᠋ᠦ᠋ ᠬᠤᠢ ᠯᠢᠶᠠᠩ ᠬᠦᠴᠦᠳᠡᠯ ᠥᠭᠡᠷᠡᠴᠢᠯᠡᠬᠦ ᠦᠷᠳᠡᠭᠡ ᠵᠢᠨ ᠡᠷᠭᠢᠯᠲᠡ᠂ ᠲᠣᠭᠣᠷᠢᠨ ᠦᠵᠡᠬᠦ ᠲᠣᠭᠤᠷᠢᠭ ᠤᠨ ᠲᠦᠷᠦᠯ ᠵᠦᠢ᠍ᠯ ᠤᠨ ᠪᠦᠲᠦᠭᠡᠨ ᠪᠠᠢ᠌ᠭᠤᠯᠤᠯᠲᠠ ᠵᠡᠷᠭᠡ ᠪᠠᠢ᠌ᠳᠠᠯ ᠢ ᠪᠠᠢ᠌ᠴᠠᠭ᠋ᠠᠨ ᠦᠵᠡᠵᠦ᠂ ᠲᠦᠷᠦᠯ ᠵᠦᠢ᠍ᠯᠢ ᠠᠬᠢᠭᠤᠯᠬᠤ ᠶᠠᠪᠤᠴᠠ ᠳᠤ ᠣᠷᠣᠰᠢᠵᠤ ᠪᠠᠢ᠌ᠭ᠎ᠠ ᠬᠦᠴᠢᠷ ᠠᠰᠠᠭᠤᠳᠠᠯ ᠢ ᠨᠠᠷᠢᠨ ᠣᠢ᠌ᠯᠠᠭ᠋ᠠᠵᠤ᠂ ᠪᠣᠳᠠᠲᠠᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠲᠤᠬᠠᠢ ᠵᠢᠨ ᠲᠠᠯᠠᠪᠠᠢ ᠳᠤ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭᠤᠨ ᠣᠷᠳᠣᠨ ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠬᠠᠲᠠᠭᠤᠵᠢᠯᠲᠠᠢ ᠠᠵᠢᠯᠯᠠᠵᠤ᠂ ᠡᠯᠡᠰᠦᠷᠬᠡᠭᠵᠢᠯ ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ ᠴᠠᠬᠢᠯᠭ᠋ᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠬᠢᠴᠠ ᠵᠢ ᠲᠦᠷᠭᠡᠳᠬᠡᠵᠦ ᠦᠷ᠎ᠡ ᠠᠰᠢᠭ ᠢ ᠳᠡᠭᠡᠭᠰᠢᠯᠡᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ 《ᠲᠤᠷᠰᠢᠯᠲᠠ ᠵᠢᠨ ᠲᠠᠷᠢᠶ᠎ᠠ》 ᠵᠢ ᠬᠦᠴᠦᠯᠡᠨ ᠪᠠᠢ᠌ᠭᠤᠯᠵᠤ᠂ ᠡᠷᠬᠡ ᠬᠠᠷᠢᠭᠤᠴᠠᠯᠭ᠎ᠠ ᠵᠢ ᠠᠳᠠᠯᠢ ᠪᠠᠢ᠌ᠯᠭ᠋ᠠᠬᠤ᠂ ᠡᠯᠡᠰᠦᠷᠬᠡᠭᠵᠢᠯ ᠢ ᠰᠡᠷᠭᠡᠢ᠌ᠯᠡᠵᠦ ᠡᠯᠡᠰᠦ ᠵᠢ ᠵᠠᠰᠠᠬᠤ ᠪᠠᠢ᠌ᠭᠤᠯᠤᠯᠲᠠ ᠬᠠᠮᠢᠶᠠᠷᠤᠯᠲᠠ ᠵᠡᠷᠭᠡ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠥᠷᠭᠡᠨ ᠤᠯᠠᠨ ᠲᠦᠮᠡᠨᠢ ᠲᠠᠢ᠍ᠢ᠍ᠴᠢᠯᠠᠨ ᠨᠢᠭᠡ ᠴᠣᠭᠴᠠᠵᠢᠭᠤᠯᠬᠤ ᠢᠨᠵᠧᠨᠧᠷᠢᠩ ᠤᠨ ᠳᠡᠮᠵᠢᠭᠴᠢ᠂ ᠣᠷᠣᠯᠴᠠᠭᠴᠢ᠂ ᠪᠦᠲᠦᠭᠡᠨ ᠪᠠᠢ᠌ᠭᠤᠯᠤᠭᠴᠢ ᠪᠣᠯᠭ᠋ᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ᠂ ᠡᠷᠴᠢᠮᠵᠢᠭᠦᠯᠬᠦ ᠠᠷᠭ᠎ᠠ ᠬᠡᠯᠪᠡᠷᠢᠪᠠᠷ ᠳᠠᠮᠵᠢᠭᠤᠯᠤᠨ ᠭᠠᠵᠠᠷ ᠰᠢᠷᠣᠢ᠂ ᠪᠡᠯᠡ ᠮᠥᠩᠭᠥ ᠵᠡᠷᠭᠡ ᠬᠦᠴᠦᠨ ᠵᠦᠢ᠍ᠯᠢ ᠨᠢᠭᠡᠳᠦᠯᠲᠡᠢ ᠲᠥᠯᠦᠪᠵᠢᠭᠦᠯᠦᠨ ᠡᠮᠬᠢᠯᠡᠨ ᠨᠡᠢ᠌ᠯᠡᠭᠦᠯᠵᠦ ᠠᠰᠢᠭᠯᠠᠵᠤ᠂ ᠡᠯᠡᠰᠦᠷᠬᠡᠭᠵᠢᠯ ᠢ ᠰᠡᠷᠭᠡᠢ᠌ᠯᠡᠵᠦ ᠡᠯᠡᠰᠦ ᠵᠢ ᠵᠠᠰᠠᠬᠤ ᠥᠪᠡᠷ ᠤᠨ ᠦᠷᠳᠡᠭᠢ ᠪᠠᠭᠤᠷᠠᠭᠤᠯᠤᠨ᠂ ᠲᠥᠷᠥᠯ ᠵᠦᠢ᠍ᠯᠤᠨ ᠪᠦᠬᠦᠯᠢ ᠴᠣᠭᠴᠠ ᠵᠢᠨ ᠦᠷ᠎ᠡ ᠠᠰᠢᠭᠢ ᠳᠡᠭᠡᠭᠰᠢᠯᠡᠭᠦᠯᠵᠦ᠂ ᠨᠢᠭᠡ ᠴᠣᠭᠴᠠᠵᠢᠭᠤᠯᠬᠤ ᠢᠨᠵᠧᠨᠧᠷᠢᠩᠢ ᠠᠮᠢ ᠠᠬᠤᠢ ᠵᠢᠨ ᠢᠨᠵᠧᠨᠧᠷᠢᠩ᠂ ᠬᠥᠭᠵᠢᠯᠲᠡ ᠵᠢᠨ ᠢᠨᠵᠧᠨᠧᠷᠢᠩ᠂ ᠠᠷᠠᠳ ᠢ ᠪᠠᠶᠠᠵᠢᠭᠤᠯᠬᠤ ᠴᠢᠬᠤᠯᠠ ᠢᠨᠵᠧᠨᠧᠷᠢᠩ ᠪᠣᠯᠭ᠋ᠠᠨ ᠦᠨᠡᠨ ᠬᠦ᠌ ᠪᠦᠲᠦᠭᠡᠨ ᠪᠠᠶ᠋ᠢᠭᠤᠯᠬᠤ ᠬᠡᠷᠡᠭᠲᠡᠢ᠃ ᠨᠠᠮᠤᠨ ᠪᠠᠢ᠌ᠭᠤᠯᠤᠯᠲᠠᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠦᠨᠳᠦᠰᠦᠨ ᠱᠠᠲᠤᠨᠤ ᠨᠠᠮᠤᠨ ᠵᠣᠬᠢᠶᠠᠨ ᠪᠠᠢ᠌ᠭᠤᠯᠤᠯᠲᠠ ᠵᠢᠨ ᠲᠠᠢ᠍ᠢ᠍ᠴᠢᠨ ᠪᠡᠬᠢᠯᠡᠯᠲᠡ ᠪᠣᠯᠣᠨ ᠨᠠᠮᠤᠨ ᠭᠡᠰᠢᠭᠦᠨᠤ ᠬᠣᠰᠢᠭᠤᠴᠢ ᠦᠢ᠍ᠯᠡᠳᠦᠯᠢ ᠭᠦᠢ᠍ᠴᠡᠳ ᠪᠠᠳᠠᠷᠠᠭᠤᠯᠵᠤ᠂ 《ᠨᠠᠮᠤᠨ ᠪᠠᠢ᠌ᠭᠤᠯᠤᠯᠲᠠ ᠵᠢᠨ ᠤᠯᠠᠭ᠋ᠠᠨ》 ᠵᠢᠡᠷ 《ᠠᠮᠢ ᠠᠬᠤᠢ ᠵᠢᠨ ᠨᠣᠭᠣᠭ᠋ᠠᠨ》ᠢ ᠬᠥᠲᠥᠯᠥᠨ ᠳᠠᠭ᠋ᠠᠭᠤᠯᠵᠤ᠂ ᠡᠯᠡᠰᠦᠷᠬᠡᠭᠵᠢᠯᠢ ᠰᠡᠷᠭᠡᠢ᠌ᠯᠡᠵᠦ ᠡᠯᠡᠰᠦ ᠵᠢ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠭᠡᠪᠡ᠃
ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨᠳᠤ᠂ ᠳ᠋ᠦ᠋ ᠬᠤᠢ ᠯᠢᠶᠠᠩ ᠪᠠᠰᠠ ᠲᠡᠦᠬᠡ ᠰᠣᠶᠣᠯᠤᠨ ᠥᠪᠢ ᠬᠠᠮᠠᠭ᠋ᠠᠯᠠᠵᠤ ᠠᠰᠢᠭᠯᠠᠭᠰᠠᠨ ᠪᠠᠢ᠌ᠳᠠᠯᠢ ᠪᠣᠳᠠᠲᠠᠢ ᠭᠠᠵᠠᠷᠲᠤᠨᠢ ᠣᠢ᠌ᠯᠠᠭ᠋ᠠᠵᠤ᠂ ᠰᠣᠶᠣᠯᠤᠨ ᠥᠪᠢ ᠤᠯᠠᠮᠵᠢᠯᠠᠨ ᠬᠠᠮᠠᠭ᠋ᠠᠯᠠᠬᠤ ᠪᠠ ᠠᠮᠢᠳᠤᠯᠢᠭ ᠠᠰᠢᠭᠯᠠᠬᠤ ᠵᠢ ᠴᠢᠩᠭ᠋ᠠᠳᠬᠠᠵᠤ᠂ ᠳᠤᠯᠠᠭ᠋ᠠᠨ ᠬᠤᠳᠠ ᠵᠢᠨ ᠰᠣᠶᠣᠯᠤᠨ ᠵᠥᠭᠡᠯᠡᠨ ᠪᠣᠳᠠᠲᠤ ᠬᠦᠴᠦᠨᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠣᠲᠠ ᠵᠢᠨ ᠨᠠᠮᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠠᠷᠢᠨ ᠪᠢᠴᠢᠭᠤᠨ ᠳᠠᠷᠤᠭ᠎ᠠ ᠯᠢᠦ ᠹᠧᠩ ᠶᠦᠨ᠂ ᠬᠣᠲᠠ ᠵᠢᠨ ᠳᠡᠳ᠋ ᠳᠠᠷᠤᠭ᠎ᠠ ᠡᠷᠳᠡᠨᠢᠪᠢᠯᠢᠭ ᠬᠣᠯᠪᠣᠭᠳᠠᠯ ᠪᠦᠬᠦᠢ ᠠᠵᠢᠯᠯᠠᠭᠠᠳᠤ ᠣᠷᠣᠯᠴᠠᠪᠠ᠃