ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-05-08


     ᠾᠧ ᠬᠠᠢ ᠳ᠋ᠦᠩ ᠶᠠᠷᠢᠶ᠎ᠠ ᠲᠠᠯᠪᠢᠵᠠᠢ

     (ᠰᠤᠷᠪᠤᠯᠵᠢᠯᠠᠭᠴᠢ ᠯᠢᠶᠠᠩ ᠵᠢᠩ ᠱᠤ᠌) 5 ᠳ᠋ᠤᠭ᠋ᠠᠷ ᠰᠠᠷ᠎ᠠ ᠵᠢᠨ 6᠎ᠤ ᠡᠳᠦᠷ᠂ ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ᠎ᠤᠨ ᠭᠤᠸᠠᠩᠳᠦ᠋ᠩ᠎ᠤᠨ ᠮᠧᠢ ᠵᠧᠦ ᠬᠤᠲᠠ ᠵᠢᠨ ᠮᠧᠢ ᠳ᠋ᠡ ᠲᠦᠷᠭᠡᠨ᠎ᠤ ᠵᠠᠮ᠎ᠤᠨ ᠴᠠ ᠶᠠᠩ ᠵᠠᠮ᠎ᠤᠨ ᠬᠡᠰᠡᠭ᠎ᠤᠨ ᠨᠤᠷᠠᠵᠤ ᠶᠡᠭᠦᠷᠡᠭᠰᠡᠨ ᠭᠠᠮᠰᠢᠭ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠣᠢ᠌ᠷ᠎ᠠ ᠵᠢᠨ ᠡᠳᠦᠷ ᠬᠤᠷᠠᠯᠳᠤᠭᠤᠯᠤᠭᠰᠠᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ᠂ 《ᠣᠳᠣᠬᠠᠨ᠎ᠤ ᠠᠶᠤᠯᠭᠦᠢ ᠦᠢ᠍ᠯᠡᠳᠪᠦᠷᠢᠯᠡᠯ᠎ᠤᠨ ᠰᠡᠷᠭᠡᠢ᠌ᠯᠡᠯᠲᠡ ᠵᠢᠨ ᠠᠵᠢᠯ᠎ᠢ ᠦᠨᠡᠨᠬᠦ ᠰᠠᠢ᠌ᠲᠤᠷ ᠬᠢᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠎ᠤᠨ ᠪᠠᠴᠢᠮ ᠮᠡᠳᠡᠭᠳᠡᠯ》᠎ᠢ ᠤᠯᠠᠮᠵᠢᠯᠠᠨ᠂ ᠪᠦᠬᠦ ᠬᠤᠳᠠ ᠵᠢᠨ 1᠎ᠠᠴᠠ 4 ᠳ᠋ᠦ᠍ᠭᠡᠷ ᠰᠠᠷ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠢ᠌ᠳᠠᠯ᠎ᠢ ᠮᠡᠳᠡᠭᠳᠡᠵᠦ᠂ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃

      ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠾᠧ ᠬᠠᠢ ᠳ᠋ᠦᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠯᠢᠦ ᠵᠢᠢ ᠶᠢᠩ ᠬᠤᠷᠠᠯ᠎ᠢ ᠡᠷᠭᠢᠯᠡᠪᠡ᠃

      ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠲᠦᠷᠦᠯ᠎ᠤᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠠᠵᠢᠯ᠎ᠤᠨ ᠡᠬᠡ ᠲᠠᠩᠰᠠ ᠪᠠᠢ᠌ᠭᠤᠯᠵᠤ᠂ ᠴᠠᠭ ᠬᠤᠭᠤᠴᠠᠭ᠎ᠠ ᠵᠢ ᠴᠢᠩᠭ᠎ᠠ ᠡᠵᠡᠮᠳᠡᠵᠦ᠂ ᠠᠵᠢᠯ᠎ᠤᠨ ᠪᠠᠷᠢᠮᠵᠢᠶ᠎ᠠ ᠵᠢ ᠴᠢᠩᠳᠠᠯᠠᠵᠤ᠂ ᠠᠵᠢᠯ᠎ᠤᠨ ᠬᠤᠭᠤᠴᠠᠭ᠎ᠠ ᠵᠢ ᠲᠣᠩᠭᠣᠷᠠᠭᠤᠯᠤᠨ ᠪᠠᠢ᠌ᠷᠢᠯᠠᠭᠤᠯᠵᠤ᠂ ᠵᠢᠷᠤᠮ᠎ᠲᠠᠢ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠰᠠᠢ᠌ᠵᠢᠷᠠᠭᠤᠯᠵᠤ᠂ ᠪᠤᠢ ᠪᠦᠬᠦᠢ ᠠᠰᠠᠭᠤᠳᠠᠯ᠎ᠢ ᠪᠦᠬᠦᠨ᠎ᠢ ᠴᠡᠪᠡᠷᠯᠡᠨ ᠡᠴᠦᠰ᠎ᠲᠤᠨᠢ ᠲᠤᠯᠲᠠᠯ᠎ᠠ ᠰᠢᠢ᠍ᠳᠪᠦᠷᠢᠯᠡᠬᠦ ᠬᠡᠷᠡᠭᠲᠡᠢ᠃ ᠲᠤᠰᠬᠠᠢ ᠠᠵᠢᠯᠯᠠᠭ᠎ᠠ ᠵᠢ ᠰᠠᠢ᠌ᠲᠤᠷ ᠠᠳᠬᠤᠨ᠂ ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠵᠤ᠂ ᠠᠵᠢᠯᠲᠠᠨ᠎ᠤ ᠬᠦᠴᠦᠨ ᠪᠣᠯᠣᠨ ᠲᠣᠬᠢᠷᠠᠭᠤᠯᠵᠤ ᠬᠢᠨᠠᠨ ᠵᠢᠯᠤᠭᠣᠳᠬᠤ ᠵᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠣᠳᠣᠬᠠᠨ᠎ᠤ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠨᠠᠭᠰᠢᠳᠠ ᠪᠠᠲᠤᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢ ᠲᠤᠰᠬᠠᠢ ᠴᠡᠭᠴᠡᠯᠡᠨ ᠵᠠᠰᠠᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠨᠳᠡᠯ᠎ᠤᠨ ᠭᠡᠮ ᠰᠣᠭᠣᠭ᠎ᠢ ᠦᠨᠳᠦᠰᠦᠨ᠎ᠠᠴᠠ᠎ᠨᠢ ᠠᠷᠢᠯᠭ᠋ᠠᠵᠤ᠂ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠬᠡᠷᠡᠭᠲᠡᠢ᠃ ᠤᠬᠠᠭᠤᠯᠭ᠎ᠠ ᠬᠥᠮᠦᠵᠢᠯ᠎ᠢ ᠰᠠᠢ᠌ᠲᠤᠷ ᠠᠳᠬᠤᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠮᠤᠷ ᠲᠦᠪᠰᠢᠨ᠎ᠤ ᠤᠬᠠᠭᠤᠯᠭ᠎ᠠ ᠵᠢ 《ᠲᠠᠪᠤ᠎ᠳᠤ ᠣᠷᠣᠭᠤᠯᠬᠤ》 ᠠᠵᠢᠯ᠎ᠢ ᠠᠬᠢᠭᠤᠯᠤᠨ᠂ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢ ᠲᠦᠭᠡᠮᠡᠯᠵᠢᠭᠦᠯᠵᠦ᠂ ᠪᠦᠬᠦ ᠨᠡᠢ᠌ᠭᠡᠮ᠎ᠤᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠲᠠᠷᠬᠠᠭ᠋ᠠᠬᠤ ᠰᠣᠷᠢᠯᠲᠠ ᠵᠢ ᠥᠷᠨᠢᠭᠦᠯᠵᠦ᠂ ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ ᠪᠣᠯᠣᠨ ᠥᠷᠭᠡᠨ ᠤᠯᠠᠨ ᠲᠦᠮᠡᠨ᠎ᠤ ᠠᠮᠤᠷ ᠲᠦᠪᠰᠢᠨ᠎ᠤ ᠤᠬᠠᠮᠰᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭ᠋ᠡᠵᠡᠢ᠃

      ᠬᠤᠳᠠ ᠵᠢᠨ ᠤᠳᠤᠷᠢᠳᠤᠯᠭ᠎ᠠ ᠵᠠᠩ ᠵᠢᠢ ᠹᠧᠢ᠂ ᠸᠠᠩ ᠰᠢᠨ ᠢᠦᠢ᠂ ᠼᠤᠤ ᡁᠢ᠂ ᠵᠢᠶᠣᠣ ᠬᠣᠩ᠂ ᠹᠦ᠋ ᠵᠢᠨ ᠽᠠᠢ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃    

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠪᠡᠶ᠎ᠡ ᠵᠢᠨ ᠪᠠᠢ᠌ᠴᠠᠭ᠋ᠠᠯᠲᠠ ᠵᠢᠨ ᠬᠡᠯᠪᠡᠷᠢ ᠵᠢᠨ ᠬᠢᠨᠠᠯᠲᠠ ᠬᠠᠮᠢᠶᠠᠷᠤᠯᠲᠠ》 ᠵᠢᠨ ᠰᠢᠨ᠎ᠡ ᠵᠠᠭᠪᠤᠷ᠎ᠢ ᠨᠠᠢ᠌ᠳᠠᠪᠤᠷᠢᠵᠢᠭᠤᠯᠤᠨ᠎ᠠ᠄ ᠲᠦᠮᠡᠳ ᠵᠡᠭᠦᠨ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠶᠠᠲᠤ ᠣᠷᠣᠨ᠎ᠤ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ᠎ᠳᠤ ᠡᠮ᠎ᠤᠨ ᠵᠦᠢ᠍ᠯ ᠪᠠ ᠪᠠᠭ᠋ᠠᠵᠢ ᠬᠡᠷᠡᠭᠰᠡᠯ᠎ᠤᠨ ᠠᠮᠤᠷ ᠲᠥᠪᠰᠢᠨ᠎ᠤ ᠬᠢᠨᠠᠨ ᠪᠠᠢ᠌ᠴᠠᠭ᠋ᠠᠯᠲᠠ ᠬᠢᠪᠡ
ᠭᠤᠤ ᠷᠦᠨ ᠰᠢ ᠭᠡᠭᠡᠨ ᠭᠣᠣᠯ ᠬᠤᠳᠠ᠎ᠳᠤ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠬᠥᠭᠵᠢᠯᠲᠡ ᠵᠡᠷᠭᠡ ᠭᠣᠣᠯᠳᠠᠯᠭ᠎ᠠ᠎ᠲᠠᠢ ᠠᠵᠢᠯ᠎ᠢ ᠪᠠᠢ᠌ᠴᠠᠭ᠋ᠠᠨ ᠰᠤᠳᠤᠯᠪᠠ
ᠤᠷᠳᠤᠰ ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠤᠷᠳᠤᠰ ᠬᠤᠳᠠ ᠵᠢᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠢᠨ ᠫᠠᠶ᠋ᠢᠰᠠ ᠰᠡᠬᠦᠬᠦ ᠶᠣᠰᠣᠯᠠᠯ ᠵᠢᠴᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠵᠥᠪᠳᠡᠯᠴᠡᠭᠡᠷ ᠲᠤᠭᠲᠠᠬᠤ ᠶᠣᠰᠣᠯᠠᠯ ᠶᠠᠪᠤᠭᠳᠠᠵᠠᠢ
ᠳ᠋ᠦ᠋ ᠬᠤᠢ ᠯᠢᠶᠠᠩ ᠳᠠᠯᠠᠳ ᠬᠣᠰᠢᠭᠤᠨ᠎ᠳᠤ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ
ᠬᠣᠲᠠ ᠵᠢᠨ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠰᠢᠨ᠎ᠤ ᠵᠥᠪᠯᠡᠯ ᠪᠥᠬᠥᠳᠡ ᠬᠤᠷᠠᠯ ᠬᠤᠷᠠᠯᠳᠤᠭᠤᠯᠪᠠ
 
            