ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠰᠣᠨᠢᠨ ᠮᠡᠳᠡᠭᠡ   -   ᠣᠷᠣᠨ ᠨᠤᠲᠤᠭ᠎ᠤᠨ ᠪᠠᠶ᠋ᠢᠳᠠᠯ
ᠭᠤᠤ ᠷᠦᠨ ᠰᠢ ᠭᠡᠭᠡᠨ ᠭᠣᠣᠯ ᠬᠤᠳᠠ᠎ᠳᠤ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠬᠥᠭᠵᠢᠯᠲᠡ ᠵᠡᠷᠭᠡ ᠭᠣᠣᠯᠳᠠᠯᠭ᠎ᠠ᠎ᠲᠠᠢ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-05-08


        

     4 ᠰᠠᠷ᠎ᠠ ᠵᠢᠨ 22 ᠎ᠤᠨ ᠡᠳᠦᠷ᠂ ᠬᠥᠯᠥᠨ ᠪᠤᠢ᠍ᠢ᠍ᠷ ᠬᠤᠳᠠ ᠵᠢᠨ ᠨᠠᠮ ᠎ᠤᠨ ᠬᠤᠷᠢᠶᠠᠨ ᠎ᠤ ᠱᠦᠵᠢ ᠭᠤᠤ ᠷᠦᠨ ᠰᠢ ᠭᠡᠭᠡᠨ ᠭᠣᠣᠯ ᠬᠤᠳᠠ ᠎ᠳᠤ ᠭᠦᠨᠵᠡᠭᠡᠢ᠌ᠷᠡᠨ ᠠᠭᠤᠷᠬᠠᠢ ᠵᠢᠨ ᠠᠮᠤᠷ ᠲᠦᠪᠰᠢᠨ ᠎ᠤ ᠬᠠᠮᠢᠶᠠᠷᠤᠯᠲᠠ᠂ ᠠᠮᠢ ᠠᠬᠤᠢ ᠵᠢᠨ ᠣᠷᠴᠢᠨ ᠲᠣᠭᠣᠷᠢᠨ ᠎ᠤ ᠬᠠᠮᠠᠭ᠋ᠠᠯᠠᠯᠲᠠ ᠪᠠ ᠰᠣᠶᠣᠯ ᠵᠤᠭ᠋ᠠᠴᠠᠯ᠎ᠤᠨ ᠠᠵᠤ ᠦᠢ᠍ᠯᠡᠰ ᠎ᠤᠨ ᠬᠥᠭᠵᠢᠯᠲᠡ ᠵᠡᠷᠭᠡ ᠭᠣᠣᠯᠳᠠᠯᠭ᠎ᠠ ᠎ᠲᠠᠢ ᠠᠵᠢᠯ ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠵᠡᠢ᠃

     ᠪᠢᠯᠢᠶ᠎ᠡ ᠠᠭᠤᠷᠬᠠᠢ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ  ᠠᠭᠣᠷᠬᠠᠢ ᠵᠢᠨ ᠣᠷᠣᠨ ᠎ᠳᠤ᠂ ᠭᠤᠤ ᠷᠦᠨ ᠰᠢ ᠨᠠᠷ ᠦᠯᠡᠳᠡᠭᠳᠡᠯ ᠬᠦᠳᠡᠷ ᠎ᠤᠨ ᠴᠥᠭᠥᠷᠥᠮ ᠎ᠤᠨ ᠬᠠᠰᠢᠯᠭ᠋ᠠᠨ ᠎ᠤ ᠠᠶᠤᠯ ᠎ᠢ ᠠᠷᠢᠯᠭ᠋ᠠᠨ ᠪᠡᠬᠢᠯᠡᠬᠦ᠂ ᠦᠶᠡᠷᠯᠡᠬᠦ ᠵᠠᠮ ᠎ᠤᠨ ᠪᠦᠲᠦᠭᠡᠨ ᠪᠠᠢ᠌ᠭᠤᠯᠤᠯᠲᠠ ᠵᠡᠷᠭᠡ ᠪᠠᠷᠢᠯᠭ᠎ᠠ ᠵᠢᠨ ᠠᠬᠢᠴᠠ ᠵᠢᠨ ᠪᠠᠢ᠌ᠳᠠᠯ ᠎ᠢ ᠪᠠᠢ᠌ᠴᠠᠭ᠋ᠠᠨ ᠦᠵᠡᠭᠰᠡᠨ ᠪᠥᠭᠡᠳ ᠲᠤᠬᠠᠢ ᠵᠢᠨ ᠲᠠᠯᠠᠪᠠᠢ ᠎ᠳᠤ ᠠᠯᠪᠠᠯᠠᠬᠤ ᠬᠤᠷᠠᠯ ᠬᠤᠷᠠᠯᠳᠤᠭᠤᠯᠵᠤ᠂ ᠠᠶᠤᠯᠭᠦᠢ ᠦᠢ᠍ᠯᠡᠳᠪᠦᠷᠢᠯᠡᠯ᠂ ᠠᠮᠢ ᠠᠬᠤᠢ ᠵᠢᠨ ᠰᠡᠷᠭᠦᠭᠡᠯᠲᠡ᠂ ᠦᠶᠡᠷ ᠎ᠢ ᠰᠡᠷᠭᠡᠢ᠌ᠯᠡᠨ ᠲᠤᠭᠤᠯᠬᠤ ᠵᠡᠷᠭᠡ ᠠᠵᠢᠯ ᠎ᠳᠤ ᠱᠠᠭ᠋ᠠᠷᠳᠠᠯᠭ᠎ᠠ ᠳᠤᠷᠠᠳᠴᠠᠢ᠃

     ᠬᠠᠮᠢᠶ᠎ᠠ ᠪᠦᠬᠦᠢ ᠪᠠᠢ᠌ᠳᠠᠯ ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠎ᠤ ᠳᠠᠷᠠᠭ᠎ᠠ᠂ ᠭᠤᠤ ᠷᠦᠨ ᠰᠢ᠂ ᠪᠦᠬᠦ ᠬᠤᠳᠠ ᠎ᠪᠠᠷ ᠵᠶ᠋ᠠᠨ ᠤᠯᠤᠰ ᠲᠦᠷᠦ ᠵᠢᠨ ᠵᠣᠭᠰᠣᠴᠠ ᠎ᠪᠠᠨ ᠳᠡᠭᠡᠭᠰᠢᠯᠡᠭᠦᠯᠵᠦ᠂ ᠰᠡᠷᠡᠮᠵᠢ ᠵᠢᠨ ᠬᠤᠩᠬᠤ ᠎ᠪᠠᠨ ᠪᠠᠢ᠌ᠩᠭᠤ ᠳᠤᠤᠭ᠋ᠠᠷᠭ᠋ᠠᠬᠤ ᠵᠢ ᠪᠠᠲᠤᠯᠠᠵᠤ᠂ ᠠᠭᠤᠷᠬᠠᠢ ᠎ᠪᠠᠷ ᠭᠣᠣᠯᠳᠠᠯᠭ᠎ᠠ ᠪᠣᠯᠭ᠋ᠠᠭᠰᠠᠨ ᠠᠮᠤᠷ ᠲᠦᠪᠰᠢᠨ ᠎ᠤ ᠲᠦᠭᠰᠢᠭᠦᠷᠢ ᠵᠢᠨ ᠭᠡᠮ ᠰᠣᠭᠣᠭ᠎ᠢ ᠪᠠᠢ᠌ᠴᠠᠭ᠋ᠠᠨ ᠵᠠᠰᠠᠬᠤ ᠵᠢ ᠭᠦᠨᠵᠡᠭᠡᠢ ᠥᠷᠨᠢᠭᠦᠯᠵᠦ᠂ ᠠᠵᠤ ᠠᠬᠤᠢ᠌ᠯᠠᠯ ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠂ ᠣᠷᠣᠨ ᠨᠤᠲᠤᠭ ᠎ᠤᠨ ᠬᠠᠷᠢᠶ᠎ᠠ ᠭᠠᠵᠠᠷ ᠎ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠢᠭᠡ ᠴᠣᠭᠴᠠᠵᠢᠭᠤᠯᠤᠨ ᠪᠣᠳᠠᠲᠠᠢ᠌ᠵᠢᠭᠤᠯᠵᠤ᠂ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠪᠣᠳᠠᠲᠠᠢ ᠨᠠᠢ᠌ᠳᠠᠪᠤᠷᠢᠵᠢᠭᠤᠯᠬᠤ ᠵᠢ ᠦᠨᠡᠨᠬᠦ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ ᠎ᠤ ᠬᠠᠮᠠᠭ᠋ᠠᠯᠠᠯᠲᠠ ᠵᠢᠨ ᠬᠤᠷᠢᠭ᠎ᠠ ᠱᠤᠭᠤᠮ  ᠪᠠ ᠠᠶᠤᠯᠭᠦᠢ ᠦᠢ᠍ᠯᠡᠳᠪᠦᠷᠢᠯᠡᠯ ᠎ᠤᠨ ᠬᠢᠵᠠᠭ᠋ᠠᠷ ᠱᠤᠭᠤᠮ ᠎ᠢ ᠡᠷᠡᠰ ᠰᠠᠬᠢᠬᠤ ᠬᠡᠷᠡᠭᠲᠡᠢ᠃ ᠭᠠᠵᠠᠷ ᠳᠣᠣᠷᠠᠬᠢ ᠠᠭᠤᠷᠬᠠᠢ ᠵᠢᠨ ᠲᠠᠯᠳᠠ ᠭᠠᠮᠰᠢᠭ ᠎ᠠᠴᠠ ᠪᠤᠯᠬᠤ ᠬᠦᠴᠦᠨ ᠵᠦᠢ᠍ᠯ᠎ᠢ ᠨᠡᠢ᠌ᠳᠡᠮ ᠪᠠᠢ᠌ᠴᠠᠭ᠋ᠠᠵᠤ ᠵᠠᠰᠠᠬᠤ ᠪᠠ ᠦᠯᠡᠳᠡᠭᠳᠡᠯ ᠬᠦᠳᠡᠷ ᠎ᠤᠨ ᠴᠦᠬᠦᠷᠦᠮ᠂ ᠰᠢᠷᠣᠢ ᠭᠠᠳᠠᠭᠰᠢᠯᠠᠭᠤᠯᠬᠤ ᠲᠠᠯᠠᠪᠠᠢ ᠵᠢᠴᠢ ᠡᠷᠬᠢᠨ ᠲᠣᠭᠣᠷᠢᠨ ᠎ᠤ ᠭᠣᠣᠯ ᠮᠥᠷᠡᠨ ᠵᠡᠷᠭᠡ ᠭᠣᠣᠯᠳᠠᠯᠭ᠎ᠠ ᠎ᠲᠠᠢ ᠣᠷᠣᠨ ᠪᠦᠰᠡ ᠵᠢᠨ ᠠᠶᠤᠯᠭᠦᠢ ᠵᠢᠨ ᠬᠢᠨᠠᠨ ᠬᠡᠮᠵᠢᠯᠲᠡ ᠵᠢᠨ ᠪᠠᠢ᠌ᠴᠠᠭ᠋ᠠᠯᠲᠠ ᠵᠢ ᠴᠢᠩᠭ᠋ᠠᠷᠠᠭᠤᠯᠵᠤ᠂ ᠡᠯ᠎ᠡ ᠲᠥᠷᠥᠯ ᠎ᠤᠨ ᠲᠦᠭᠰᠢᠭᠦᠷᠢ ᠵᠢᠨ ᠲᠠᠯᠳᠠ ᠭᠡᠮ ᠎ᠢ ᠤᠷᠢᠳᠴᠢᠯᠠᠨ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠣᠳᠣᠬᠠᠨ ᠎ᠳᠤ ᠠᠭᠤᠷ ᠠᠮᠢᠰᠬᠤᠯ ᠳᠤᠯᠠᠭ᠋ᠠᠷᠠᠵᠤ᠂ ᠮᠥᠰᠥ ᠴᠠᠰᠤ ᠬᠠᠢ᠌ᠯᠵᠤ᠂ ᠦᠶᠡᠷ ᠎ᠢ ᠰᠡᠷᠭᠡᠢ᠌ᠯᠡᠬᠦ ᠠᠵᠢᠯ ᠎ᠢ ᠣᠮᠲᠣᠭ᠋ᠠᠢ᠌ᠯᠠᠵᠤ ᠪᠣᠯᠬᠤ ᠦᠭᠡᠢ᠂ ᠴᠠᠭ ᠠᠭᠤᠷ ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠂ ᠪᠠᠴᠢᠮ ᠪᠠᠢ᠌ᠳᠠᠯ ᠎ᠢ ᠠᠷᠭ᠋ᠠᠴᠠᠨ ᠰᠢᠢ᠍ᠳᠪᠦᠷᠢᠯᠡᠬᠦ  ᠴᠢᠳᠠᠪᠣᠷᠢ᠎ᠪᠠᠨ  ᠳᠡᠭᠡᠭᠰᠢᠯᠡᠭᠦᠯᠵᠦ᠂ ᠪᠡᠯᠡᠳᠬᠡᠯ᠎ᠲᠠᠢ ᠪᠣᠯ ᠪᠠᠯᠢᠳᠠᠬᠤ ᠦᠭᠡᠢ᠂ ᠦᠶᠡᠷ ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃

     ᠭᠣᠸ᠋ ᠷᠦᠨ ᠰᠢ ᠬᠦᠢ᠍ᠲᠡᠨ ᠲᠤᠢ᠌ᠯ ᠎ᠤᠨ ᠲᠣᠰᠬᠣᠨ ᠎ᠳᠤ ᠢᠷᠡᠵᠦ᠂ ᠦᠵᠡᠮᠵᠢ ᠵᠢᠨ ᠣᠷᠣᠨ ᠎ᠤ ᠡᠵᠡᠩᠨᠡᠯᠲᠡ᠂ ᠬᠡᠯᠪᠡᠷᠢ ᠪᠠᠢ᠌ᠳᠠᠯ ᠎ᠤᠨ ᠪᠠᠢ᠌ᠷᠢᠰᠢᠭᠤᠯᠤᠯᠲᠠ ᠪᠠ ᠲᠥᠷᠥᠯ ᠵᠦᠢ᠍ᠯ ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠲᠡᠷᠡ᠂ ᠭᠡᠭᠡᠨ ᠭᠣᠣᠯ ᠬᠤᠳᠠ ᠵᠢᠨ ᠡᠪᠦᠯ ᠎ᠤᠨ ᠤᠯᠠᠷᠢᠯ ᠎ᠤᠨ ᠵᠤᠭ᠋ᠠᠴᠠᠯ ᠎ᠤᠨ ᠬᠠᠯᠠᠮᠰᠢᠯ ᠥᠨᠳᠥᠷ᠂ ᠨᠡᠷ᠎ᠡ ᠴᠤᠤᠲᠠᠢ ᠤᠴᠢᠷ ᠎ᠠᠴᠠ ᠲᠦᠷᠦᠯ ᠲᠡᠮᠳᠡᠭ ᠵᠶ᠋ᠡᠷ ᠳᠠᠢ᠌ᠴᠢᠯᠠᠬᠤ ᠦᠢ᠍ᠯᠡᠳᠦᠯ ᠎ᠢ ᠰᠠᠢ᠌ᠲᠤᠷ ᠪᠠᠳᠠᠷᠠᠭᠤᠯᠵᠤ᠂ ᠵᠤᠭ᠋ᠠᠴᠠᠭᠰᠠᠳ ᠎ᠤᠨ ᠬᠡᠷᠡᠭᠴᠡᠭᠡ ᠱᠠᠭ᠋ᠠᠷᠳᠠᠯᠭ᠎ᠠ ᠵᠢ  ᠤᠨᠤᠴᠠᠲᠠᠢ ᠵᠣᠯᠭ᠋ᠠᠭᠤᠯᠵᠤ᠂ ᠰᠠᠭᠤᠷᠢ ᠪᠡᠯᠡᠳᠬᠡᠮᠵᠢ ᠪᠠ ᠢᠵᠢ ᠪᠦᠷᠢᠳᠦᠭᠰᠡᠨ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠲᠦᠷᠪᠡᠨ ᠤᠯᠠᠷᠢᠯ ᠎ᠤᠨ ᠬᠡᠯᠪᠡᠷᠢ ᠵᠢᠨ᠂ ᠠᠭᠤᠰᠤᠯᠴᠠᠯ ᠎ᠤᠨ ᠲᠦᠷᠦᠯ ᠎ᠤᠨ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠪᠣᠢ᠌ᠵᠢᠭᠤᠯᠵᠤ᠂ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠪᠦᠬᠦ ᠪᠦᠰᠡ ᠪᠦᠬᠦ ᠤᠯᠠᠷᠢᠯ ᠪᠦᠬᠦ ᠦᠢ᠍ᠯᠡᠰ ᠲᠡᠰᠢ ᠬᠥᠭᠵᠢᠬᠦ ᠵᠢ ᠠᠬᠢᠭᠤᠯᠬᠤ ᠬᠡᠷᠡᠭᠲᠡᠢ᠃ ᠵᠠᠰᠠᠭ ᠎ᠤᠨ ᠣᠷᠳᠣᠨ ᠵᠶ᠋ᠠᠷ ᠭᠣᠣᠯᠯᠠᠭᠤᠯᠬᠤ᠂ ᠵᠠᠬ᠎ᠠ ᠳᠡᠯᠭᠡᠭᠦᠷ ᠵᠶ᠋ᠡᠷ ᠭᠣᠣᠯ ᠴᠣᠭᠴᠠ ᠪᠣᠯᠭ᠋ᠠᠬᠤ᠂ ᠵᠤᠭ᠋ᠠᠴᠠᠭᠰᠠᠳ ᠵᠶ᠋ᠠᠷ ᠭᠣᠣᠯ ᠳᠦᠷᠢ ᠲᠤᠭᠯᠠᠭᠤᠯᠬᠤ ᠵᠢ ᠪᠠᠷᠢᠮᠲᠠᠯᠠᠵᠤ᠂ ᠬᠤᠳᠠ ᠎ᠳᠤ ᠰᠠᠭᠤᠭ᠎ᠠ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠯᠤᠭ᠎ᠠ ᠵᠢᠨ ᠬᠠᠮᠲᠤᠷᠠᠯᠴᠠᠭ᠎ᠠ ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠵᠤᠭ᠋ᠠᠴᠠᠭᠰᠠᠳ ᠎ᠤᠨ ᠣᠢ᠌ᠯᠠᠭ᠋ᠠᠯᠲᠠ ᠵᠢ ᠳᠡᠭᠡᠭᠰᠢᠯᠡᠭᠦᠯᠬᠦ᠂ ᠬᠡᠷᠡᠭᠯᠡᠭᠡᠨ ᠎ᠤ ᠨᠡᠮᠡᠭᠳᠡᠯ᠎ᠢ ᠳᠠᠢ᠌ᠴᠢᠯᠠᠬᠤ ᠨᠡᠩ ᠤᠯᠠᠨ ᠦᠢ᠍ᠯᠡᠴᠢᠯᠡᠭᠡᠨ ᠎ᠤ ᠲᠦᠷᠦᠯ ᠵᠦᠢ᠍ᠯ ᠪᠣᠯᠣᠨ ᠵᠤᠭ᠋ᠠᠴᠠᠯ ᠎ᠤᠨ ᠦᠢ᠍ᠯᠡᠳᠬᠦᠨ ᠎ᠢ ᠡᠭᠦᠳᠴᠦ᠂ ᠣᠷᠣᠨ ᠨᠤᠲᠤᠭ ᠠᠵᠤ ᠠᠬᠤᠢ᠌ᠯᠠᠯ ᠎ᠤᠨ ᠠᠭᠤᠰᠤᠯᠴᠠᠯ ᠎ᠢ ᠠᠬᠢᠭᠤᠯᠵᠤ ᠪᠠᠢ᠌ᠭ᠋ᠠᠳ ᠰᠣᠶᠣᠯ ᠵᠤᠭ᠋ᠠᠴᠠᠯ ᠎ᠤᠨ ᠠᠵᠤ ᠦᠢ᠍ᠯᠡᠰ ᠎ᠤᠨ ᠪᠠᠷᠢᠮᠵᠢᠶ᠎ᠠ ᠵᠢ ᠳᠡᠭᠡᠭᠰᠢᠯᠡᠬᠦᠯᠦᠨ ᠪᠦᠲᠦᠮᠵᠢ ᠵᠢ ᠨᠡᠮᠡᠭᠳᠡᠬᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠢ᠃

     ᠥᠪᠥᠷ ᠮᠣᠩᠭᠣᠯ ᠎ᠤᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠎ᠤᠨ ᠨᠠᠮ ᠎ᠤᠨ ᠬᠤᠷᠢᠶᠠᠨ᠎ᠤ ᠱᠦᠵᠢ᠂ ᠬᠡᠷᠡᠭ ᠮᠡᠳᠡᠭᠴᠢᠳ ᠎ᠤᠨ ᠳᠠᠷᠤᠭ᠎ᠠ ᠵᠠᠩ ᠯᠢᠶᠠᠩ᠂ ᠬᠤᠳᠠ ᠵᠢᠨ ᠤᠳᠤᠷᠢᠳᠤᠯᠭ᠎ᠠ ᠵᠠᠩ ᠴᠤᠸᠠᠨ ᠬᠤᠸᠠ᠂ ᠸᠠᠩ ᠴᠧᠩ ᠱ᠌ᠢ ᠪᠠ ᠬᠤᠳᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠎ᠤᠨ ᠭᠣᠣᠯ ᠬᠠᠷᠢᠭᠤᠴᠠᠯᠭ᠋ᠠᠲᠠᠨ ᠲᠤᠰ ᠲᠤᠰ ᠪᠠᠢ᠌ᠴᠠᠭ᠋ᠠᠨ ᠰᠤᠳᠤᠯᠤᠯᠲᠠ ᠎ᠳᠤ ᠣᠷᠣᠯᠴᠠᠪᠠ᠃   



 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠷᠳᠤᠰ ᠬᠤᠳᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠤᠷᠳᠤᠰ ᠬᠤᠳᠠ ᠵᠢᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠢᠨ ᠫᠠᠶ᠋ᠢᠰᠠ ᠰᠡᠬᠦᠬᠦ ᠶᠣᠰᠣᠯᠠᠯ ᠵᠢᠴᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢᠨ ᠵᠥᠪᠳᠡᠯᠴᠡᠭᠡᠷ ᠲᠤᠭᠲᠠᠬᠤ ᠶᠣᠰᠣᠯᠠᠯ ᠶᠠᠪᠤᠭᠳᠠᠵᠠᠢ
ᠳ᠋ᠦ᠋ ᠬᠤᠢ ᠯᠢᠶᠠᠩ ᠳᠠᠯᠠᠳ ᠬᠣᠰᠢᠭᠤᠨ᠎ᠳᠤ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ
ᠬᠣᠲᠠ ᠵᠢᠨ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠰᠢᠨ᠎ᠤ ᠵᠥᠪᠯᠡᠯ ᠪᠥᠬᠥᠳᠡ ᠬᠤᠷᠠᠯ ᠬᠤᠷᠠᠯᠳᠤᠭᠤᠯᠪᠠ
ᠰᠦᠢ ᠸᠧᠢ ᠵᠢᠶᠦ᠋ᠨ ᠪᠥᠬᠥ ᠬᠣᠲᠠ ᠵᠢᠨ ᠣᠶ ᠰᠢᠭᠤᠢ ᠨᠤᠲᠤᠭ ᠪᠡᠯᠴᠢᠭᠡᠷ ᠎ᠤᠨ ᠭᠠᠯ ᠰᠡᠷᠭᠡᠢ᠌ᠯᠡᠨ ᠤᠨᠲᠠᠷᠠᠭ᠋ᠠᠬᠤ ᠠᠵᠢᠯ ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠮᠠᠨ᠎ᠤ ᠬᠣᠲᠠ ᠵᠢᠨ᠎ᠬᠢᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠭᠤᠷᠪᠠᠨ ᠵᠢᠯ ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ
 
            