(ᠰᠤᠷᠪᠤᠯᠵᠢᠯᠠᠭᠴᠢ ᠯᠢᠶᠠᠩ ᠵᠢᠩ ᠱᠤ᠌) ᠲᠦᠷᠦᠭᠦᠬᠡᠨ᠂ ᠬᠥᠬᠡᠬᠣᠲᠠ ᠵᠢᠨ ᠡᠮ ᠬᠤᠳᠠᠯᠳᠤᠨ ᠠᠪᠬᠤ ᠲᠥᠪ ᠵᠢᠩᠬᠢᠨᠢ᠎ᠪᠠᠷ ᠫᠠᠢ᠌ᠰᠠ ᠰᠡᠬᠦᠪᠡ᠃
ᠣᠢ᠌ᠯᠠᠭ᠋ᠠᠭᠰᠠᠨ ᠵᠶ᠋ᠠᠷ᠂ ᠬᠥᠬᠡᠬᠣᠲᠠ ᠵᠢᠨ ᠡᠮ ᠡᠮᠴᠢᠯᠡᠭᠡ ᠬᠤᠳᠠᠯᠳᠤᠨ ᠠᠪᠬᠤ ᠲᠥᠪ ᠪᠣᠯ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠬᠠᠷᠢᠶᠠᠯᠠᠭᠳᠠᠬᠤ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠮᠥᠨ᠂ ᠲᠣᠰ ᠲᠥᠪ᠎ᠨᠢ ᠪᠥᠬᠥ ᠬᠣᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠢ᠎ᠪᠠᠷ ᠲᠣᠬᠢᠷᠠᠭᠤᠯᠬᠤ᠂ ᠦᠨ᠎ᠡ ᠬᠠᠩᠰᠢ ᠵᠢ ᠳᠠᠩᠰᠠᠯᠠᠬᠤ ᠵᠢᠨ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ ᠵᠡᠷᠭᠡ ᠵᠢᠨ ᠦᠨ᠎ᠡ ᠬᠠᠩᠰᠢ ᠵᠢ ᠪᠠᠢ᠌ᠴᠠᠭ᠋ᠠᠨ ᠰᠢᠯᠭ᠋ᠠᠵᠤ ᠦᠨᠡᠯᠡᠨ ᠵᠢᠱ᠌ᠢᠬᠦ ᠵᠢᠨ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠬᠠᠮᠢᠶ᠎ᠠ ᠪᠦᠬᠦᠢ ᠲᠣᠭ᠎ᠠ ᠪᠠᠷᠢᠮᠲᠠ ᠵᠢ ᠪᠦᠷᠢᠳᠬᠡᠨ ᠵᠠᠳᠠᠯᠵᠤ ᠳᠡᠭᠡᠭᠰᠢ ᠮᠡᠳᠡᠭᠦᠯᠬᠦ ᠵᠡᠷᠭᠡ ᠵᠢ ᠡᠭᠦᠷᠭᠡᠯᠡᠨ᠎ᠡ;ᠡᠭᠦᠨ᠎ᠤ ᠬᠠᠮᠲᠤ ᠪᠠᠰᠠ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠣᠭᠳᠠᠯ ᠪᠦᠬᠦᠢ ᠡᠭᠦᠷᠭᠡ ᠵᠢ ᠡᠭᠦᠷᠭᠡᠯᠡᠨ᠎ᠡ᠃
ᠲᠠᠨᠢᠯᠴᠠᠭᠤᠯᠤᠭᠰᠠᠨ ᠵᠶ᠋ᠠᠷ᠂ ᠲᠤᠰ ᠲᠥᠪ ᠪᠠᠢ᠌ᠭᠤᠯᠤᠭᠳᠠᠭᠰᠠᠨ᠎ᠤ ᠳᠠᠷᠠᠭ᠎ᠠ ᠤᠯᠤᠰ᠂ ᠮᠤᠵᠢ ᠬᠣᠭᠣᠷᠤᠨᠳᠤ᠎ᠪᠠᠨ ᠬᠣᠯᠪᠣᠭ᠋ᠠᠯᠠᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠵᠣᠬᠢᠶᠠᠨ ᠪᠠᠢ᠌ᠭᠤᠯᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠪᠠᠢ᠌ᠩᠭᠤᠵᠢᠭᠤᠯᠤᠨ ᠳᠦᠷᠢᠮᠵᠢᠭᠦᠯᠵᠦ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠵᠢᠴᠢ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠶᠡᠬᠡ ᠬᠡᠮᠵᠢᠶ᠎ᠡ᠎ᠪᠠᠷ ᠬᠤᠳᠠᠯᠳᠤᠨ ᠠᠪᠬᠤ ᠵᠢᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠦᠵᠡᠭᠦᠯᠬᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠬᠣᠲᠠ ᠵᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠪᠣᠯᠣᠨ᠎ᠠ᠃