ᠣᠶ᠋ᠢᠷ᠎ᠠ ᠵᠢᠨ ᠵᠢᠯ᠂ ᠪᠠᠷᠠᠭᠤᠨ ᠦᠵᠦᠮᠦᠴᠢᠨ ᠬᠤᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠵᠤ᠂ ᠪᠠᠶ᠋ᠢᠭ᠋ᠠᠯᠢ ᠵᠢᠨ ᠥᠪᠡᠷᠮᠢᠴᠡ ᠥᠩᠭᠡ ᠦᠵᠡᠮᠵᠢ᠂ ᠰᠣᠶᠣᠯ ᠢᠷᠭᠡᠨᠰᠢᠯ᠎ᠤᠨ ᠠᠭᠤᠯᠤᠭᠳᠠᠬᠤᠨ ᠪᠣᠯᠤᠨ ᠣᠯᠠᠨ ᠡᠰᠢᠵᠢᠨ ᠠᠭᠤᠰᠤᠯᠴᠠᠭᠰᠠᠨ ᠦᠨᠳᠦᠰᠦᠲᠡᠨ᠎ᠤ ᠰᠣᠶᠣᠯ᠎ᠳᠤ ᠲᠦᠰᠢᠭᠯᠡᠵᠦ᠂ ᠲᠠᠯ᠎ᠠ ᠨᠤᠲᠤᠭ ᠤᠨ 《99 ᠨᠣᠮᠧᠷᠲᠤ ᠵᠠᠰᠠᠮᠠᠯ ᠵᠠᠮ》᠎ᠤᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ ᠪᠠᠷ ᠨᠡᠶ᠋ᠢᠭᠡᠮ ᠵᠢᠷᠤᠮᠲᠤ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠠᠮ᠎ᠢ ᠳᠡᠪᠢᠰᠪᠡ᠃ ᠠᠮᠢ ᠠᠬᠤᠢ ᠵᠢᠨ ᠲᠠᠯ᠎ᠠ ᠨᠤᠲᠤᠭ᠎ᠤᠨ ᠦᠵᠡᠮᠵᠢ ᠵᠢᠨ ᠵᠠᠮ᠎ᠢ ᠴᠤᠭᠴᠠᠯᠠᠵᠤ᠂ ᠵᠢᠭᠤᠯᠴᠢᠯᠠᠯ᠎ᠢ ᠬᠦᠭᠵᠢᠭᠦᠯᠪᠡ᠃ 《ᠬᠥᠳᠡᠭᠡ ᠲᠣᠰᠬᠤᠨ᠎ᠤ ᠳᠥᠷᠪᠡᠨ ᠰᠠᠶ᠋ᠢᠨᠲᠠᠢ ᠵᠠᠮ》᠎ᠤᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠶᠡᠭᠡ᠎ᠪᠠᠷ ᠬᠡᠷᠡᠭᠵᠢᠬᠦᠯᠵᠦ᠂ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠬᠢᠭᠡᠳ ᠮᠠᠯᠵᠢᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ ᠪᠠ ᠰᠢᠨ᠎ᠡ ᠮᠠᠯᠵᠢᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠤᠶᠠᠯᠳᠤᠭᠤᠯᠵᠤ᠂ 2.5 ᠳ᠋ᠦᠩᠰᠢᠭᠤᠷ ᠲᠥᠭᠦᠷᠢᠭ᠎ᠤᠨ ᠪᠡᠯᠡ ᠤᠷᠤᠭᠤᠯᠵᠤ᠂ 160 ᠺᠢᠯᠣᠮᠧᠲᠷ᠎ᠤᠨ ᠮᠤᠬᠤᠷ ᠵᠠᠮ᠎ᠢ ᠨᠡᠪᠳᠡᠷᠡᠬᠦᠯᠵᠦ᠂ 6 ᠦᠵᠡᠮᠵᠢ ᠵᠢᠨ ᠣᠷᠣᠨ᠎ᠢ ᠬᠤᠯᠪᠤᠵᠤ᠂ 1 ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ 22 ᠲᠠᠯ᠎ᠠ ᠨᠤᠲᠤᠭ᠎ᠤᠨ ᠠᠷᠠᠳ᠎ᠤᠨ ᠠᠶ᠋ᠢᠯ ᠪᠠᠭᠤᠳᠠᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ᠎ᠤᠨ ᠪᠡᠶᠡᠴᠢᠯᠡᠨ ᠣᠶ᠋ᠢᠯᠠᠭ᠋ᠠᠬᠤ ᠰᠠᠭᠤᠷᠢᠨ ᠭᠠᠵᠠᠷ᠂ ᠰᠣᠶᠣᠯ᠎ᠤᠨ ᠭᠤᠤᠯ ᠰᠡᠳᠦᠪᠲᠦ ᠥᠷᠲᠡᠭᠡ ᠵᠡᠷᠭᠡ᠎ᠳᠤ ᠵᠠᠮ ᠨᠡᠪᠲᠡᠷᠡᠭᠦᠯᠵᠡᠢ᠃ 《ᠵᠠᠮ᠎ᠢ ᠦᠵᠡᠮᠵᠢ ᠵᠢᠨ ᠤᠷᠤᠨ᠎ᠳᠤ ᠨᠡᠪᠲᠡᠷᠡᠭᠦᠯᠬᠦ》᠂ 《ᠵᠠᠮ ᠵᠶ᠋ᠠᠷ ᠦᠵᠡᠮᠵᠢ ᠵᠢᠨ ᠣᠷᠤᠨ᠎ᠢ ᠬᠡᠯᠬᠢᠭᠰᠡᠨ》 ᠬᠠᠮᠤᠭ᠎ᠤᠨ ᠭᠤᠶᠣ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠰᠣᠳᠣᠨ ᠵᠢᠭᠤᠯᠴᠢᠯᠠᠯ᠎ᠤᠨ ᠱᠤᠭᠤᠮ᠎ᠢ ᠪᠥᠲᠥᠭᠡᠨ ᠪᠠᠶ᠋ᠢᠭᠤᠯᠤᠭ᠋ᠠᠳ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭᠰᠡᠨ᠂ ᠵᠠᠮ ᠦᠵᠡᠮᠵᠢ ᠬᠤᠣᠰᠯᠠᠭᠰᠠᠨ ᠵᠠᠮ ᠲᠡᠭᠡᠭᠡᠪᠦᠷᠢ ᠵᠢᠨ ᠲᠣᠤᠷ ᠰᠦᠯᠵᠢᠶ᠎ᠡ ᠵᠢ ᠪᠣᠢ ᠪᠣᠯᠭ᠋ᠠᠵᠠᠢ᠃ 《ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ》᠎ᠤᠨ ᠪᠥᠬᠦ ᠰᠦᠯᠵᠢᠶᠡᠨ ᠳᠡᠭᠡᠷᠡᠬᠢ ᠳᠠᠷᠤᠮ᠎ᠤᠨ ᠲᠤᠭ᠎ᠠ ᠪᠠ ᠤᠩᠰᠢᠭᠰᠠᠨ ᠬᠦᠮᠦᠨ᠎ᠤ ᠲᠤᠭ᠎ᠠ ᠨᠢ 1500 ᠲᠦᠮᠡᠨ ᠤᠳᠠᠭ᠎ᠠ ᠵᠢ ᠳᠠᠪᠠᠪᠠ᠂ 《99 ᠨᠣᠮᠧᠷᠲᠤ ᠵᠠᠰᠠᠮᠠᠯ ᠵᠠᠮ》 ᠭᠡᠬᠦ ᠣᠬᠤᠷ ᠵᠦᠴᠦᠭᠡ᠎ᠨᠢ ᠥᠪᠡᠷᠲᠡᠭᠡᠨ ᠵᠠᠰᠠᠬᠤ ᠣᠷᠣᠨ᠎ᠤ 《ᠣᠬᠤᠷ ᠵᠦᠴᠦᠭᠡ᠎ᠪᠠᠷ ᠵᠢᠭᠤᠯᠴᠢᠯᠠᠬᠤ》 ᠲᠠᠨᠢᠯᠴᠠᠭᠤᠯᠭ᠎ᠠ ᠵᠢᠨ ᠵᠦᠴᠦᠭᠡ᠎ᠳᠤ ᠰᠤᠩᠭᠤᠭᠳᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠤᠭ᠋ᠠᠴᠠᠭᠰᠠᠳ᠎ᠤᠨ ᠲᠠᠯ᠎ᠠ ᠨᠤᠲᠤᠭ ᠵᠶ᠋ᠠᠷ ᠲᠣᠭᠤᠷᠢᠨ ᠵᠤᠭ᠋ᠠᠴᠠᠬᠤ ᠦᠶ᠎ᠠ᠎ᠳᠤ ᠵᠠᠪᠠᠯ ᠬᠦᠷᠬᠦ ᠭᠠᠵᠠᠷ ᠪᠤᠯᠤᠭᠰᠠᠨ ᠪᠠᠶ᠋ᠢᠨ᠎ᠠ᠃

ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠵᠤ᠂ ᠵᠠᠮ᠎ᠲᠠᠢ ᠪᠣᠯᠤᠭ᠋ᠠᠳ ᠠᠷᠠᠳ ᠪᠠᠶᠠᠵᠢᠪᠠ᠃ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠪᠥᠲᠥᠭᠡᠨ ᠪᠠᠶ᠋ᠢᠭᠤᠯᠤᠯᠲᠠ᠎ᠨᠢ ᠮᠠᠯᠵᠢᠬᠤ ᠣᠷᠣᠨ᠎ᠤ ᠵᠠᠮ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠳᠠᠭ᠋ᠠᠤ ᠮᠠᠯᠴᠢᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠲᠤᠶ᠋ᠢᠯ᠎ᠤᠨ ᠶᠡᠭᠡ ᠲᠥᠬᠦᠮ ᠦᠵᠡᠭᠦᠯᠦᠭᠰᠡᠨ ᠪᠥᠭᠡᠳ ᠣᠷᠣᠨ ᠪᠦᠰᠡ ᠵᠢᠨ ᠰᠣᠶᠣᠯ᠂ ᠵᠢᠭᠤᠯᠴᠢᠯᠠᠯ᠂ ᠤᠨᠴᠠᠯᠢᠭᠳᠤ ᠠᠵᠤ ᠦᠢ᠍ᠯᠡᠰ ᠵᠡᠷᠭᠡ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠵᠤ᠂ ᠵᠠᠮ ᠳᠠᠭ᠋ᠠᠤ 5 ᠰᠤᠮᠤ ᠪᠠᠯᠭ᠋ᠠᠰᠤᠨ᠎ᠤ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠰᠢᠭᠤᠳ ᠳᠠᠶ᠋ᠢᠴᠢᠯᠠᠭᠰᠠᠨ ᠪᠠᠶ᠋ᠢᠨ᠎ᠠ᠃ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠨᠴᠠᠯᠢᠭᠲᠤ ᠠᠶ᠋ᠢᠯ ᠲᠣᠰᠬᠤᠨ᠂ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠵᠢᠭᠤᠯᠴᠢᠯᠠᠯ᠎ᠤᠨ ᠬᠥᠳᠡᠭᠡ ᠲᠣᠰᠬᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠳᠣᠨ ᠲᠠᠰ᠎ᠤᠨ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ᠂ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ ᠵᠡᠷᠭᠡ ᠵᠢᠨ ᠨᠦᠯᠦᠬᠡᠯᠡᠯ ᠵᠶ᠋ᠠᠷ ᠵᠠᠮ ᠳᠠᠭ᠋ᠠᠤ ᠣᠯᠠᠨ ᠲᠦᠮᠡᠨ᠎ᠢ ᠳᠠᠶ᠋ᠢᠴᠢᠯᠠᠨ 《ᠬᠡᠷ ᠪᠦᠯᠢ ᠵᠢᠨ ᠮᠠᠯᠵᠢᠯ᠎ᠤᠨ ᠲᠠᠯᠠᠪᠠᠶ + ᠵᠢᠭᠤᠯᠴᠢᠯᠠᠯ》᠂ 《ᠠᠷᠠᠳ᠎ᠤᠨ ᠵᠠᠩ ᠦᠢ᠍ᠯᠡ + ᠠᠷᠠᠳ᠎ᠤᠨ ᠠᠶ᠋ᠢᠯ ᠪᠠᠭᠤᠳᠠᠯ》᠂ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠪᠡᠶᠡᠴᠢ ᠣᠶ᠋ᠢᠯᠠᠭ᠋ᠠᠯᠲᠠ》 ᠵᠡᠷᠭᠡ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠥᠷᠭᠡᠨ ᠬᠡᠪᠴᠢᠶ᠎ᠠ᠎ᠪᠠᠷ ᠤᠷᠤᠯᠴᠠᠳᠠᠭ᠂ ᠭᠦᠨᠵᠡᠭᠡᠶ ᠤᠶ᠋ᠢᠯᠠᠭ᠋ᠠᠳᠠᠭ ᠲᠠᠯ᠎ᠠ ᠨᠤᠲᠤᠭ᠎ᠤᠨ ᠣᠨᠴᠠᠯᠢᠭᠲᠤ ᠵᠢᠭᠤᠯᠴᠢᠯᠠᠯ᠎ᠤᠨ ᠦᠢ᠍ᠯᠡᠴᠢᠯᠡᠭᠡ᠂ ᠲᠠᠯ᠎ᠠ ᠨᠤᠲᠤᠭ ᠤᠨ ᠠᠷᠠᠳ᠎ᠤᠨ ᠠᠶ᠋ᠢᠯ ᠪᠠᠭᠤᠳᠠᠯ ᠵᠡᠷᠭᠡ ᠬᠠᠮᠢᠶ᠎ᠠ ᠪᠥᠬᠦᠶ ᠠᠵᠤ ᠦᠢ᠍ᠯᠡᠰ᠎ᠢ ᠬᠥᠭᠵᠢᠭᠦᠯᠵᠦ᠂ ᠤᠷᠤᠯᠭ᠎ᠠ ᠵᠢ᠎ᠨᠢ ᠨᠡᠮᠡᠭᠳᠡᠬᠦᠯᠪᠠ᠃ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ᠎ᠤ ᠵᠢᠭᠤᠯᠴᠢᠯᠠᠯ᠎ᠤᠨ ᠣᠷᠣᠯᠭ᠎ᠠ ᠵᠢ 6.85 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠵᠠᠮ ᠳᠠᠭ᠋ᠠᠤ ᠰᠠᠭᠤᠷᠢᠰᠢᠭ᠎ᠠ ᠲᠦᠮᠡ ᠭᠠᠷᠤᠶ ᠮᠠᠯᠴᠢᠳ᠎ᠤᠨ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠦᠷᠭᠦᠯᠵᠢᠯᠡᠨ ᠨᠡᠮᠡᠭᠳᠡᠪᠡ᠃

ᠵᠠᠩ ᠦᠢ᠍ᠯᠡ ᠰᠣᠶᠣᠯ᠎ᠤᠨ ᠦᠵᠡᠭᠦᠯᠭᠡ ᠵᠢᠨ ᠵᠠᠮ᠎ᠢ ᠴᠣᠭᠴᠠᠯᠠᠵᠤ᠂ ᠵᠠᠮ᠎ᠲᠠᠢ ᠪᠣᠯᠤᠭ᠋ᠠᠳ ᠰᠤᠶᠤᠯ ᠪᠠᠳᠠᠷᠠᠪᠠ᠃ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》 ᠳᠠᠭ᠋ᠠᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠶ᠋ᠢᠯᠠᠭ᠋ᠠᠬᠤ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ ᠭᠠᠵᠠᠷ᠂ ᠲᠠᠯ᠎ᠠ ᠨᠤᠲᠤᠭ᠎ᠤᠨ ᠠᠷᠠᠳ᠎ᠤᠨ ᠠᠶ᠋ᠢᠯ ᠪᠠᠭᠤᠳᠠᠯ ᠵᠡᠷᠭᠡ ᠵᠢ ᠪᠠᠶ᠋ᠢᠭᠤᠯᠵᠤ᠂ 《ᠬᠤᠪᠢᠰᠬᠠᠯ᠎ᠤᠨ ᠰᠤᠳᠤᠯᠤᠨ ᠰᠤᠷᠤᠯᠴᠠᠬᠤ + ᠠᠷᠠᠳ᠎ᠤᠨ ᠵᠠᠩ ᠦᠢ᠍ᠯᠡ ᠵᠢ ᠪᠡᠶᠡᠴᠢᠯᠡᠨ ᠣᠶ᠋ᠢᠯᠠᠭ᠋ᠠᠬᠤ + ᠪᠡᠶ᠎ᠡ ᠵᠢᠨ ᠲᠠᠮᠢᠷ᠎ᠤᠨ ᠬᠥᠳᠡᠯᠭᠡᠭᠡᠨ》᠎ᠲᠠᠢ ᠵᠢᠭᠤᠯᠴᠢᠯᠠᠯ ᠵᠶ᠋ᠠᠷ ᠳᠠᠮᠵᠢᠭᠤᠯᠵᠤ᠂ ᠡᠯ᠎ᠡ ᠦᠨᠳᠦᠰᠦᠲᠡᠨ᠎ᠤ ᠵᠤᠭ᠋ᠠᠴᠠᠭᠰᠠᠳ᠎ᠲᠤ ᠲᠠᠯ᠎ᠠ ᠨᠤᠲᠤᠭ᠎ᠤᠨ ᠰᠣᠶᠣᠯ᠎ᠢ ᠮᠡᠳᠡᠷᠡᠭᠦᠯᠵᠡᠢ᠂ 《ᠪᠢ ᠮᠤᠩᠭᠤᠯ ᠮᠤᠷᠢ᠎ᠲᠠᠢ᠎ᠪᠠᠨ》 ᠭᠡᠬᠦ ᠰᠤᠳᠤᠯᠤᠨ ᠰᠤᠷᠤᠯᠴᠠᠬᠤ ᠵᠠᠮ ᠱᠤᠭᠤᠮ᠎ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ 《ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠣᠳᠣᠨ ᠵᠠᠮ ᠱᠤᠭᠤᠮ》᠎ᠤᠨ ᠲᠦᠷᠦᠯ ᠵᠦᠢ᠍ᠯ᠎ᠳᠤ ᠰᠣᠩᠭᠤᠭᠳᠠᠪᠠ᠃ ᠦᠨᠳᠦᠰᠦᠲᠡᠨ᠎ᠤ ᠰᠣᠶᠣᠯ ᠪᠠ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠥᠭᠵᠢᠭᠦᠯᠵᠦ᠂ 《ᠨᠠᠭ᠋ᠠᠳᠤᠮ᠎ᠤᠨ ᠪᠤᠯᠵᠤᠭ᠎ᠠ》᠂ ᠦᠵᠦᠮᠦᠴᠢᠨ ᠰᠠᠭ᠋ᠠᠷᠠᠯ ᠠᠳᠤᠭᠤᠨ᠎ᠤ ᠰᠣᠶᠣᠯ᠎ᠤᠨ ᠨᠠᠶ᠋ᠢᠷ᠂ ᠮᠣᠩᠭᠤᠯ ᠮᠣᠷᠢᠨ᠎ᠤ ᠬᠠᠮᠲᠤᠷᠠᠭᠰᠠᠨ ᠤᠷᠤᠯᠳᠤᠭ᠋ᠠᠨ᠂ ᠪᠣᠳᠠᠰ᠎ᠤᠨ ᠪᠤᠰᠤ ᠰᠣᠶᠣᠯ᠎ᠤᠨ ᠨᠠᠶ᠋ᠢᠷ ᠵᠡᠷᠭᠡ ᠦᠨᠳᠦᠰᠦᠲᠡᠨ᠎ᠨᠦᠭᠦᠳ᠎ᠤᠨ ᠬᠠᠮᠳᠤ᠎ᠪᠠᠷ ᠡᠳ᠋ᠯᠡᠬᠦ ᠪᠠᠶᠠᠷ ᠳᠤᠷᠠᠰᠬᠠᠯ᠎ᠤᠨ ᠲᠥᠷᠥᠯ ᠲᠡᠮᠳᠡᠭ᠎ᠢ ᠵᠢ ᠪᠥᠬᠦ ᠬᠦᠴᠦᠨ ᠵᠶ᠋ᠠᠷ ᠪᠣᠶ ᠪᠣᠯᠭ᠋ᠠᠵᠤ᠂ 《99 ᠨᠤᠮᠧᠷᠳᠦ ᠵᠠᠰᠠᠮᠠᠯ ᠵᠠᠮ᠎ᠢ ᠳᠤᠭᠤᠯᠬᠤ》 ᠰᠢᠷᠢᠰ ᠰᠣᠶᠣᠯ ᠵᠢᠭᠤᠯᠴᠢᠯᠠᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ 30 ᠭᠠᠷᠤᠶ ᠲᠠᠯᠠᠪᠠᠶ ᠤᠳᠠᠭ᠎ᠠ ᠥᠷᠨᠢᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠤᠣᠯ ᠰᠡᠳᠦᠪ᠎ᠤᠨ ᠲᠣᠭᠤᠷᠢᠨ᠎ᠳᠤ 《ᠦᠵᠦᠮᠦᠴᠢᠨ ᠰᠠᠭ᠋ᠠᠷᠠᠯ ᠠᠳᠤᠭᠤ》 ᠵᠡᠷᠭᠡ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯᠲᠤ ᠭᠡᠷ ᠣᠷᠣᠨ》 ᠭᠡᠬᠦ ᠭᠤᠣᠯ ᠰᠡᠳᠦᠪᠲᠦ ᠦᠳᠡᠰᠢᠯᠡᠭᠡ ᠵᠢ ᠡᠷᠬᠢᠯᠡᠵᠦ᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠦᠵᠦᠮᠦᠴᠢᠨ ᠬᠤᠷᠢᠮ᠎ᠤᠨ ᠶᠣᠰᠣᠯᠠᠯ᠎ᠤᠨ ᠦᠵᠡᠭᠳᠡᠯᠲᠦ ᠵᠦᠴᠦᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠤᠨ ᠦᠵᠡᠭᠦᠯᠭᠡ ᠵᠡᠷᠭᠡ ᠠᠵᠢᠯᠯᠠᠭ᠎ᠠ ᠵᠢ ᠡᠷᠬᠢᠯᠡᠭᠡᠳ ᠵᠢᠭᠤᠯᠴᠢᠯᠠᠯ᠎ᠳᠤ ᠰᠣᠶᠣᠯ᠎ᠤᠨ ᠵᠢᠭᠦᠷ᠎ᠢ ᠤᠷᠭᠤᠭᠤᠯᠵᠤ᠂ ᠳᠤᠮᠳᠠᠳᠤ ᠵᠢᠨ ᠥᠪᠡᠷᠮᠢᠴᠡ ᠰᠣᠶᠣᠯ ᠵᠢᠭᠤᠯᠴᠢᠯᠠᠯ᠎ᠤᠨ ᠪᠡᠶᠡᠴᠢᠯᠡᠨ ᠤᠶ᠋ᠢᠯᠠᠭ᠋ᠠᠬᠤ ᠭᠠᠵᠠᠷ ᠪᠤᠯᠤᠭᠰᠠᠨ ᠪᠠᠶ᠋ᠢᠨ᠎ᠠ᠃

ᠨᠡᠭᠡᠭᠡᠯᠲᠡᠲᠡᠢ ᠪᠠᠭᠲᠠᠭ᠋ᠠᠮᠵᠢᠲᠠᠢ ᠡᠶ᠎ᠡ ᠵᠣᠬᠢᠴᠠᠩᠭᠤᠢ ᠵᠠᠮ᠎ᠢ ᠴᠣᠭᠴᠠᠯᠠᠵᠤ᠂ ᠵᠠᠮ᠎ᠲᠠᠢ ᠪᠣᠯᠤᠭ᠋ᠠᠳ ᠠᠭᠤᠰᠤᠯᠴᠠᠭ᠎ᠠ ᠨᠡᠮᠡᠭᠳᠡᠪᠡ᠃ 《ᠪᠠᠷᠠᠭᠤᠨ ᠦᠵᠦᠮᠦᠴᠢᠨ ᠬᠤᠰᠢᠭᠤᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠨ ᠳᠡᠮᠵᠢᠬᠦ ᠠᠷᠭ᠎ᠠ》᠂ 《ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠬᠡᠷᠡᠭᠵᠢᠭᠦᠯᠬᠦ ᠰᠠᠨᠠᠯ》 ᠵᠡᠷᠭᠡ ᠵᠢ ᠲᠣᠭᠲᠠᠭ᠋ᠠᠨ ᠬᠡᠷᠡᠭᠵᠢᠬᠦᠯᠵᠦ᠂ ᠵᠢᠭᠤᠯᠴᠢᠯᠠᠯ᠎ᠤᠨ ᠬᠥᠭᠵᠢᠯᠲᠡ ᠵᠢ ᠲᠡᠳᠬᠦᠬᠦ ᠱᠠᠩᠨᠠᠯ᠎ᠤᠨ ᠮᠥᠩᠭᠦ 215 ᠲᠦᠮᠡᠨ ᠲᠥᠭᠦᠷᠢᠭ ᠤᠯᠭᠤᠵᠤ᠂ 2.6 ᠳ᠋ᠦᠩᠰᠢᠭᠤᠷ ᠲᠥᠭᠦᠷᠢᠭ ᠵᠠᠷᠤᠴᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠵᠡᠮᠵᠢ ᠵᠢᠨ ᠣᠷᠣᠨ᠎ᠳᠤ ᠣᠷᠤᠭᠤᠯᠬᠤ ᠢᠨᠵᠧᠨᠧᠷᠢᠩ᠎ᠢ ᠬᠡᠷᠡᠭᠵᠢᠬᠦᠯᠵᠦ᠂ ᠵᠢᠭᠤᠯᠴᠢᠯᠠᠯ᠎ᠤᠨ ᠵᠠᠰᠠᠮᠠᠯ ᠵᠠᠮ᠂ ᠪᠠᠭᠤᠳᠠᠯ᠎ᠢ ᠪᠥᠲᠥᠭᠡᠨ ᠪᠠᠶ᠋ᠢᠭᠤᠯᠵᠤ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠎ᠤᠨ ᠲᠤᠨᠤᠭ ᠲᠦᠬᠦᠬᠡᠷᠦᠮᠵᠢ ᠵᠢ ᠰᠠᠶ᠋ᠢᠵᠢᠷᠠᠭᠤᠯᠵᠤ᠂ 《ᠮᠦᠭᠳᠡᠨ — ᠪᠠᠷᠠᠭᠤᠨ ᠦᠵᠦᠮᠦᠴᠢᠨ ᠬᠤᠰᠢᠭᠤ》᠂ 《ᠴᠠᠩᠴᠦ᠋ᠨ — ᠪᠠᠷᠠᠭᠤᠨ ᠦᠵᠦᠮᠦᠴᠢᠨ ᠬᠤᠰᠢᠭᠤ》 ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ ᠵᠢ ᠨᠡᠪᠳᠡᠷᠡᠬᠦᠯᠵᠦ᠂ ᠱᠠᠩᠬᠠᠢ᠂ ᠬᠠᠩᠵᠧᠦ ᠵᠡᠷᠭᠡ ᠭᠤᠣᠯ ᠬᠤᠲᠠ᠎ᠳᠤ ᠤᠴᠢᠬᠤ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠠᠵᠢᠯᠯᠠᠭ᠎ᠠ ᠵᠢ 14 ᠲᠠᠯᠠᠪᠤᠷ ᠦᠷᠨᠢᠬᠦᠯᠵᠦ᠂ ᠵᠢᠭᠤᠯᠴᠢᠯᠠᠯ᠎ᠤᠨ ᠬᠥᠭᠵᠢᠯᠲᠡ ᠵᠢᠨ ᠰᠠᠭᠤᠷᠢ ᠵᠢ ᠪᠠᠬᠢᠵᠢᠬᠦᠯᠵᠦ᠂ ᠵᠢᠭᠤᠯᠴᠢᠯᠠᠯ᠎ᠤᠨ ᠴᠢᠨᠠᠷ ᠰᠠᠶ᠋ᠢᠲᠠᠶ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠶ᠋ᠢᠯᠡᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠦ ᠬᠤᠰᠢᠭᠤ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠤᠭ᠋ᠠᠴᠠᠭᠰᠠᠳ᠎ᠢ 153 ᠲᠦᠮᠡᠨ ᠬᠥᠮᠦᠨ ᠤᠳᠠᠭ᠎ᠠ ᠭᠥᠯᠢᠶᠡᠨ ᠠᠪᠴᠦ᠂ ᠵᠢᠭᠤᠯᠴᠢᠯᠠᠯ᠎ᠤᠨ ᠦᠢ᠍ᠯᠡᠰ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠰᠡᠳᠬᠢᠯ᠎ᠤᠨ ᠬᠤᠯᠪᠤᠭ᠋ᠠᠰᠤ ᠵᠢ ᠴᠤᠭᠴᠠᠯᠠᠪᠠ᠃
